2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/10/13
      2020 ᠣᠨ ᠤ 6 ᠰᠠᠷ᠎ᠠ ᠶᠢᠨ 9 ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠥᠷᠪᠡᠳᠦᠭᠡᠷ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯᠳᠤᠭᠠᠨ ᠳᠡᠭᠡᠷ᠎ᠡ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠ᠃ᠨᠢᠭᠡ᠂ 2019 ᠣᠨ ᠤ ᠠᠵᠢᠯ ᠤᠨ ᠡᠷᠭᠢᠴᠡᠭᠦᠯᠦᠯ      2019 ᠣᠨ ᠳᠤ᠂ ᠬᠤᠲᠠ ᠶᠢᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠳᠡᠮᠵᠢᠯᠭᠡ ᠳᠣᠣᠷ᠎ᠠ᠂ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤ ᠰᠠᠬᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠡᠷᠡᠭᠵᠢᠭᠦᠯᠬᠦ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠣᠬᠢᠷᠲᠤᠯ ᠦᠭᠡᠢ ᠮᠠᠨᠳᠤᠯᠲᠠ ᠶᠢ ᠰᠢᠨ᠎ᠡ ᠳᠡᠭᠲᠡᠷ ᠲᠤ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠲᠠᠯᠪᠢᠵᠤ ᠥᠭᠴᠡᠢ᠃      ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠠᠪᠠᠵᠤ ᠭᠠᠷᠪᠠ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 159.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3% ᠪᠠᠷ ᠨᠡᠮᠡᠭᠳᠡᠭᠦᠯᠵᠦ᠂ ᠶᠡᠷᠦᠩᠬᠡᠢ ᠬᠡᠮᠵᠢᠶ᠎ᠡ ᠶᠢ ᠬᠥᠯᠥᠨ ᠪᠤᠶᠢᠷ ᠬᠤᠲᠠ ᠶᠢᠨ ᠬᠤᠶᠠᠳᠤᠭᠠᠷ ᠣᠷᠣᠨ ᠳᠤ ᠬᠦᠷᠭᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 31.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠬᠥᠯᠥᠨ ᠪᠤᠶᠢᠷ ᠬᠤᠲᠠ ᠶᠢᠨ ᠭᠤᠷᠪᠠᠳᠤᠭᠠᠷ ᠲᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 77.7 ᠳ᠋ᠦᠩᠰᠢᠭᠤᠷ ᠲᠥᠭᠦᠷᠢᠭ ᠲᠤ ᠬᠦᠷᠴᠦ᠂ 3.2% ᠨᠡᠮᠡᠭᠳᠡᠵᠦ᠂ ᠶᠡᠷᠦᠩᠬᠡᠢ ᠬᠡᠮᠵᠢᠶ᠎ᠡ ᠬᠥᠯᠥᠨ ᠪᠤᠶᠢᠷ ᠬᠤᠲᠠ ᠶᠢᠨ ᠭᠤᠷᠪᠠᠳᠤᠭᠠᠷ ᠲᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.94% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 40.97 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠥᠯᠥᠨ ᠪᠤᠶᠢᠷ ᠬᠤᠲᠠ ᠶᠢᠨ ᠬᠤᠶᠠᠳᠤᠭᠠᠷ ᠲᠤ ᠣᠷᠣᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36445 ᠲᠥᠭᠦᠷᠢᠭ ᠢ ᠪᠡᠶᠡᠯᠡᠭᠦᠯᠵᠦ᠂ 7.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠬᠥᠯᠥᠨ ᠪᠤᠶᠢᠷ ᠬᠤᠲᠠ ᠶᠢᠨ ᠲᠡᠷᠢᠭᠦᠨ ᠳᠤ ᠣᠷᠣᠪᠠ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18656 ᠲᠥᠭᠦᠷᠢᠭ ᠢ ᠪᠡᠶᠡᠯᠡᠭᠦᠯᠵᠦ᠂ 10.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠬᠥᠯᠥᠨ ᠪᠤᠶᠢᠷ ᠬᠤᠲᠠ ᠶᠢᠨ ᠬᠤᠶᠠᠳᠤᠭᠠᠷ ᠲᠤ ᠣᠷᠣᠪᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ 2.5 ᠳ᠋ᠦᠩᠰᠢᠭᠤᠷ ᠳ᠋ᠣᠯᠯᠠᠷ ᠢ ᠪᠡᠶᠡᠯᠡᠭᠦᠯᠵᠦ᠂ ᠣᠯᠠᠨ ᠵᠢᠯ ᠳᠠᠷᠠᠭᠠᠯᠠᠨ ᠬᠥᠯᠥᠨ ᠪᠤᠶᠢᠷ ᠬᠤᠲᠠ ︵ᠮᠠᠨᠵᠤᠤᠷ ᠪᠠᠭᠲᠠᠬᠤ ᠦᠭᠡᠢ︶ ᠶᠢᠨ ᠲᠡᠷᠢᠭᠦᠨ ᠳᠤ ᠣᠷᠣᠪᠠ᠃ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠦᠬᠦ ᠬᠤᠲᠠ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠭᠡᠷ᠎ᠡ ᠵᠠᠭᠤᠨ ᠤ ᠶᠡᠷᠡᠭᠡᠳ ᠣᠨ ᠠᠴᠠ ᠨᠠᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠤᠭᠲᠤᠯ᠎ᠠ᠃ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠬᠦᠯᠵᠦ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃      ᠨᠢᠭᠡ ᠵᠢᠯ ᠤᠨ ᠲᠤᠷᠰᠢ᠂ ᠪᠢᠳᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠰᠠᠭᠤᠷᠢ ᠪᠠᠲᠤᠯᠠᠭ᠎ᠠ ᠶᠢ ᠪᠦᠬᠦ ᠲᠠᠯ᠎ᠠ ᠪᠠᠷ ᠪᠠᠬᠢᠵᠢᠭᠦᠯᠪᠡ᠃ ᠭᠤᠷᠪᠠᠨ ᠶᠡᠭᠡ ᠪᠡᠷᠬᠡ ᠰᠡᠳᠦᠪ ᠢ ᠰᠢᠢᠰᠳᠪᠦᠷᠢᠯᠡᠬᠦ ᠲᠠᠶᠢᠨ  ᠰᠢᠢᠳᠪᠦᠷᠢᠯᠡᠭᠴᠢ ᠴᠢᠨᠠᠷᠲᠠᠶ ᠠᠬᠢᠴᠠ ᠲᠠᠢ ᠪᠣᠯᠪᠠ᠃ ᠶᠠᠳᠠᠭᠤᠷᠠᠯ ᠤᠨ ᠨᠣᠷᠮ᠎ᠠ 0.003% ᠠᠴᠠ ᠳᠣᠷᠣᠭᠰᠢ ᠪᠣᠯᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠰᠢᠶᠠᠨ ᠤ ᠠᠵᠢᠯ ᠢ ᠪᠡᠶᠡᠯᠡᠭᠦᠯᠵᠦ᠂ ᠡᠯ᠎ᠡ ᠱᠠᠲᠤᠨ ᠤ ᠲᠤᠰᠬᠠᠶ ᠴᠠᠭᠳᠠᠨ ᠪᠠᠶᠢᠴᠠᠭᠠᠬᠤ᠂ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠡᠶ᠃ ᠬᠥᠯᠥᠨ ᠪᠤᠶᠢᠷ ᠬᠤᠲᠠ ᠶᠢᠨ ᠦᠷ᠎ᠡ ᠪᠦᠲᠦᠮᠵᠢ ᠶᠢ ᠰᠢᠯᠭᠠᠨ ᠬᠢᠨᠠᠬᠤ ᠳᠤ ᠨᠢᠭᠡᠳᠦᠭᠡᠷ ᠲᠤ ᠣᠷᠣᠪᠠ᠃ ᠹᠦ᠋ ᠹᠧᠩ ᠺᠣᠮᠫᠠᠨᠢ᠂ ᠮᠧᠩ ᠳ᠋ᠦᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠯᠢᠳᠡᠭ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠭᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠰᠢᠭᠰᠢᠭᠳᠡᠭᠦᠯᠬᠦ᠂ ᠭᠠᠵᠠᠷ ᠳᠣᠣᠷ᠎ᠠ ᠲᠣᠰᠣᠨ ᠰᠠᠪᠠ ᠨᠡᠮᠡᠵᠦ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠵᠡᠷᠭᠡ ᠠᠵᠢᠯ ᠢ ᠪᠦᠲᠦᠮᠵᠢᠲᠡᠢ ᠥᠷᠨᠢᠭᠦᠯᠵᠦ᠂ ᠶᠠᠯᠦ ᠭᠤᠣᠯ᠂ ᠵᠢᠴᠢᠨ ᠭᠤᠣᠯ ᠵᠡᠷᠭᠡ ᠤᠰᠤᠨ ᠤ ᠴᠢᠨᠠᠷ ᠦᠷᠭᠦᠯᠵᠢᠯᠡᠨ ᠰᠠᠶᠢᠵᠢᠷᠠᠪᠠ᠃ ᠬᠥᠷᠥᠰᠥᠨ ᠤ ᠣᠷᠴᠢᠨ ᠲᠣᠭᠤᠷᠢᠨ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 98.3% ᠳᠤ ᠬᠦᠷᠴᠦ᠂ ᠮᠠᠨ ᠤ ᠬᠤᠲᠠ ︽ᠳᠤᠮᠳᠠᠳᠤ ᠤᠯᠤᠰ ᠠᠴᠠ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠬᠤᠲᠠ ᠶᠢ ᠥᠩᠭᠡ ᠭᠡᠷᠡᠯ ᠲᠠᠢ ᠪᠠᠷ ᠲᠡᠭᠡᠨ᠎ᠡ᠃ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 8.73 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠡᠭᠦᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ 6.49 ᠳ᠋ᠦᠩᠰᠢᠭᠤᠷ ᠲᠥᠭᠦᠷᠢᠭ ᠠᠷᠢᠯᠭᠠᠵᠤ᠂ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ 100 ᠲᠦᠮᠡᠨ ᠲᠥᠭᠦᠷᠢᠭ ᠠᠴᠠ ᠳᠣᠷᠣᠭᠰᠢ ᠲᠡᠭ ᠢ ᠢᠯᠭᠠᠷᠠᠭᠤᠯᠬᠤ ᠪᠠ ︽ᠲᠡᠭ ᠲᠥᠯᠥᠪᠦᠷᠢ ᠥᠬᠡᠶ︾ ᠠᠵᠢᠯ ᠢ ᠤᠷᠤᠭᠰᠢᠲᠠᠶ ᠪᠡᠶᠡᠯᠡᠭᠦᠯᠪᠡ᠃ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠨ ᠬᠤᠷᠢᠶᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠮᠥᠩᠭᠦᠨ ᠭᠦᠶ᠋ᠯᠭᠡᠭᠡᠨ ᠤ ᠡᠮᠬᠢ ᠵᠢᠷᠤᠮ ᠲᠣᠭᠲᠠᠭᠤᠨ ᠪᠠᠶᠢᠬᠤ ᠶᠢ ᠪᠠᠲᠤᠯᠠᠪᠠ᠃      ᠨᠢᠭᠡ ᠵᠢᠯ ᠤᠨ ᠲᠤᠷᠰᠢ᠂ ᠪᠢᠳᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠵᠤ  ᠦᠢᠯᠡᠰ ᠲᠦᠷᠭᠡᠨ ᠦᠰᠦᠨ ᠪᠤᠶᠢᠵᠢᠪᠠ᠃ ᠲᠠᠷᠢᠶᠠᠯᠠᠩ ᠮᠠᠯ ᠠᠵᠤ ᠠᠬᠤᠢ ᠶᠢᠨ ︽ᠨᠢᠭᠡ ᠭᠤᠤᠯ ᠨᠢᠭᠡ ᠰᠡᠳᠬᠢᠯ ᠬᠤᠶᠠᠷ ᠡᠭᠦᠳᠡ ᠡᠷᠦᠬᠡ᠂ ᠬᠤᠶᠠᠷ ᠲᠡᠩᠭᠡᠯᠢᠭ ᠭᠤᠷᠪᠠᠨ ᠣᠷᠣᠨ ᠣᠯᠠᠨ ᠵᠠᠩᠭᠢᠯᠠᠭ᠎ᠠ ᠴᠡᠭ︾ ᠪᠦᠬᠦᠢ ᠠᠵᠤ ᠦᠢᠯᠡᠰ ᠤᠨ ᠪᠠᠶᠢᠷᠢᠰᠢᠯ ᠢ ᠪᠠᠶᠢᠭᠤᠯᠤᠨ ᠳᠠᠭᠤᠰᠬᠠᠪᠠ᠃ ᠠᠮᠤ ᠪᠤᠳᠠᠭᠠᠨ ᠤ ᠤᠨᠠᠯᠲᠠ 28.27 ᠳ᠋ᠦᠩᠰᠢᠭᠤᠷ ᠵᠢᠩ ᠳᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ 86.4 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠵᠦ᠂ 6% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠬᠥᠯᠥᠨ ᠪᠤᠶᠢᠷ ᠬᠤᠲᠠ ᠳᠤ ᠲᠡᠷᠢᠭᠦᠯᠡᠪᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ ᠶᠡᠷᠦᠩᠬᠡᠶ ᠲᠤᠭ᠎ᠠ 88 ᠪᠣᠯᠵᠤ᠂ ᠪᠣᠬᠢᠷᠲᠤᠯ ᠦᠭᠡᠢ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠬᠤ ᠰᠠᠭᠤᠷᠢᠨ ᠭᠠᠵᠠᠷ ᠨᠡᠮᠡᠭᠳᠡᠭᠡᠳ 193.4 ᠲᠦᠮᠡᠨ ᠮᠦ ᠪᠣᠯᠵᠤ᠂ 6 ᠲᠠᠷᠢᠶᠠᠯᠠᠩ ᠤᠨ ᠪᠦᠲᠦᠭᠡᠭᠳᠡᠬᠦᠨ ᠪᠦᠬᠦ ᠤᠯᠤᠰ ᠠᠴᠠ ︽ᠨᠡᠷᠡᠲᠦ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠤ ᠡᠭᠦᠳᠦᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠳᠤ ᠬᠢᠷᠢ ᠲᠡᠩᠴᠡᠪᠡ᠂ ︽ᠰᠢᠤ ᠱᠦᠢ ᠰᠢᠶᠠᠩ︾ ᠲᠤᠲᠤᠷᠭ᠎ᠠ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠬᠦᠷᠲᠡᠵᠦ᠂ ᠮᠠᠨ ᠤ ᠬᠤᠳᠠ ︽ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ ᠲᠤᠰᠤᠨ ᠤ  ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠪᠡ᠃ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠨᠢᠭᠡ ᠰᠤᠷᠭᠠᠭᠤᠯᠢ ᠳᠥᠷᠪᠡᠨ ᠲᠣᠭᠤᠷᠢᠭ ᠤᠨ ᠴᠢᠬᠤᠯᠠ ᠬᠡᠰᠡᠭ ᠪᠣᠯᠤᠭᠰᠠᠨ ᠤ ᠬᠠᠮᠲᠤ ᠤᠯᠤᠰ ᠤᠨ ᠪᠠᠶᠢᠯᠳᠤᠬᠤ ᠪᠣᠳᠣᠯᠭ᠎ᠠ ᠳᠤ ᠬᠦᠷᠭᠡᠵᠡᠶ᠃ ᠶᠡᠷᠦᠩᠬᠡᠶᠢᠯᠡᠭᠰᠡᠨ ᠪᠣᠳᠠᠲᠤ ᠪᠣᠯᠪᠠᠰᠤᠷᠠᠯ ᠤᠨ ᠰᠠᠭᠤᠷᠢᠨ ᠭᠠᠵᠠᠷ ᠲᠤ ᠵᠠᠯᠠᠨ ᠠᠢᠯ ᠤᠨ ᠭᠤᠣᠯ ᠲᠠᠯᠠᠪᠤᠷ ᠤᠨ ᠪᠣᠯᠪᠠᠰᠤᠷᠠᠯ ᠢ ᠪᠡᠶᠡᠯᠡᠭᠦᠯᠵᠦ᠂ 1035 ᠨᠢᠰᠬᠡᠯ ᠤᠳᠠᠭ᠎ᠠ ᠨᠢᠰᠴᠦ᠂ 1.4 ᠲᠦᠮᠡᠨ ᠴᠠᠭ ᠨᠢᠰᠦᠯᠲᠡ ᠶᠢᠨ ᠪᠣᠯᠪᠠᠰᠤᠷᠠᠯ ᠬᠢᠵᠦ᠂ 27.3% ᠪᠠᠷ ᠨᠡᠮᠡᠭᠳᠡᠪᠡ᠃ ᠴᠢᠩᠭᠢᠰ ᠬᠠᠭᠠᠨ ᠤ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ ᠢ ᠲᠣᠭᠲᠠᠭᠤᠨ ᠢᠶᠠᠷ ᠠᠵᠢᠯᠯᠠᠭᠤᠯᠵᠤ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠲᠤᠰᠬᠠᠶ ᠬᠠᠷᠢᠶᠠᠲᠤ ᠪᠣᠯᠪᠠᠰᠤᠷᠠᠯ ᠤᠨ ᠰᠠᠭᠤᠷᠢᠨ ᠭᠠᠵᠠᠷ ᠵᠠᠯᠠᠨ ᠠᠶᠢᠯ ᠳᠤ ᠰᠠᠭᠤᠷᠢᠰᠢᠵᠤ᠂ ᠵᠠᠯᠠᠨ ᠠᠶᠢᠯ — ᠪᠡᠭᠡᠵᠢᠩ ᠤᠨ ᠳ᠋ᠡ ᠰᠢᠩ ᠠᠶᠠᠯᠠᠯ ᠤᠨ ᠱᠤᠭᠤᠮ ᠢ ᠨᠡᠪᠲᠡᠷᠡᠭᠦᠯᠵᠡᠶ᠃ ᠡᠬᠡ ᠤᠯᠤᠰ ᠤᠨ ᠨᠡᠶᠢᠰᠯᠡᠯ ᠯᠦᠭᠡ ᠶᠢᠨ ᠠᠭᠠᠷ ᠤᠨ ᠬᠤᠯᠪᠣᠯᠲᠠ ᠶᠢ ᠪᠡᠶᠡᠯᠡᠭᠦᠯᠦᠨ᠎ᠡ᠃ ᠡᠯᠧᠺᠲᠷᠣᠨ ᠬᠤᠳᠠᠯᠳᠤᠭ᠎ᠠ ᠪᠥᠬᠦ ᠵᠢᠯ ᠳᠤ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠲᠤᠭ᠎ᠠ 6.5 ᠳ᠋ᠦᠩᠰᠢᠭᠤᠷ ᠲᠥᠭᠦᠷᠢᠭ ᠲᠤ ᠬᠦᠷᠴᠦ᠂ 14% ᠪᠠᠷ ᠨᠡᠮᠡᠭᠳᠡᠪᠡ︔ ᠲᠦᠷᠭᠡᠨ ᠬᠦᠷᠭᠡᠬᠦ ᠪᠠᠷᠠᠭᠠᠨ ᠤ  ᠭᠦᠢᠯᠭᠡᠭᠡ 720 ᠲᠦᠮᠡᠨ ᠬᠤᠪᠢ ᠪᠠᠶᠢᠵᠤ᠂ 33% ᠪᠠᠷ ᠨᠡᠮᠡᠭᠳᠡᠪᠡ︔ ᠰᠦᠯᠵᠢᠶᠡᠨ ᠳᠡᠯᠭᠡᠭᠦᠷ ᠤᠨ ᠪᠢᠴᠢᠯ ᠳᠡᠯᠭᠡᠭᠦᠷ 315 ᠪᠣᠯᠵᠤ᠂ 8500 ᠬᠥᠮᠦᠨ ᠳᠤ ᠠᠵᠢᠯ ᠣᠯᠭᠤᠪᠠ᠃ ᠶᠢᠨ ᠯᠦᠩ ᠱᠠᠨ ᠠᠭᠤᠯᠠ ᠶᠢᠨ ᠴᠠᠰᠤ ᠭᠤᠯᠭᠤᠬᠤ ᠲᠠᠯᠠᠪᠠᠢ ᠶᠢᠨ ᠦᠵᠡᠮᠵᠢ ᠶᠢᠨ ᠣᠷᠣᠨ ᠢ ᠤᠯᠤᠰ ᠠᠴᠠ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠵᠤ᠂ ᠴᠠᠢ ᠾᠧ ᠦᠵᠡᠮᠵᠢ ᠶᠢᠨ ᠣᠷᠣᠨ ᠤ ᠳᠦᠷᠢᠮ ᠲᠣᠭᠲᠠᠭᠠᠯ ᠪᠣᠯᠤᠨ ᠣᠨᠴᠠᠯᠢᠭᠲᠤ ᠵᠢᠵᠢᠭ ᠪᠠᠯᠭᠠᠰᠤ ᠶᠢ ᠵᠢᠷᠤᠭᠯᠠᠨ ᠲᠥᠯᠥᠪᠯᠡᠵᠦ᠂ ᠰᠣᠳᠣᠨ ᠵᠢᠭᠤᠯᠴᠢᠯᠠᠯ ᠤᠨ ᠵᠠᠮ ᠱᠤᠭᠤᠮ ᠦᠷᠭᠦᠯᠵᠢᠯᠡᠨ ᠳᠡᠭᠡᠭᠰᠢᠯᠡᠵᠦ᠂ ᠪᠥᠬᠦ ᠵᠢᠯ ᠳᠤ ᠵᠤᠭᠠᠴᠠᠭᠰᠠᠳ ᠢ 341 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 5% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ ᠶᠢ 33 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠥᠷᠳᠡᠭ 106.4 ᠳ᠋ᠦᠩᠰᠢᠭᠤᠷ ᠲᠥᠭᠦᠷᠢᠭ ᠲᠤ ᠬᠦᠷᠴᠦ᠂ ᠬᠥᠯᠥᠨ ᠪᠤᠶᠢᠷ ᠬᠤᠲᠠ ᠳᠤ ᠲᠡᠷᠢᠭᠦᠯᠡᠪᠡ︔ 28.4 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ 57.4% ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 15.2 ᠳ᠋ᠦᠩᠰᠢᠭᠤᠷ ᠲᠥᠭᠦᠷᠢᠭ ᠲᠤ ᠬᠦᠷᠴᠦ᠂ 16.3% ᠪᠠᠷ ᠨᠡᠮᠡᠭᠳᠡᠪᠡ᠃ ᠹᠦ᠋ ᠹᠤᠩ ᠺᠣᠮᠫᠠᠨᠢ ᠶᠢᠨ ᠲᠡᠮᠦᠷ ᠵᠠᠮ ᠤᠨ ᠲᠤᠰᠬᠠᠶ ᠱᠤᠭᠤᠮ ᠲᠡᠷᠭᠡ ᠨᠡᠪᠲᠡᠷᠡᠵᠦ᠂ ᠸᠦᠤᠤ ᠹᠤᠩ ᠺᠣᠮᠫᠠᠨᠢ ᠶᠢᠨ ᠵᠢᠯ ᠳᠤ 10 ᠲᠦᠮᠡᠨ ᠲᠣᠨ ᠰᠢᠩᠭᠡᠨ ᠪᠡᠶᠡᠲᠦ ᠪᠣᠷᠲᠣᠭᠤᠷ ᠦᠶ᠋ᠯᠡᠳᠪᠦᠷᠢᠯᠡᠬᠦ 30 ᠲᠦᠮᠡᠨ ᠲᠣᠨ ᠠᠮᠢ ᠠᠬᠤᠶ ᠶᠢᠨ ᠪᠣᠷᠳᠣᠭᠤᠷ ᠤᠨ ᠲᠥᠷᠥᠯ ᠵᠦ᠊ ᠢ ᠨᠢᠭᠡᠳᠦᠭᠡᠷ ᠬᠤᠭᠤᠴᠠᠭᠠᠨ ᠤ ᠲᠤᠷᠰᠢᠨ  ᠦᠢᠯᠡᠳᠪᠦᠷᠢᠯᠡᠪᠡ᠃ ᠯᠢᠩ ᠳ᠋ᠦᠩ ᠠᠵᠤ  ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠤᠷ ᠳᠤᠮᠳᠠ ᠵᠢᠵᠢᠭ ᠠᠵᠤ ᠠᠬᠤᠶᠢᠯᠠᠯ ᠤᠨ  ᠦᠢᠯᠡᠰ ᠪᠣᠰᠬᠠᠬᠤ  ᠦᠢᠯᠡᠴᠢᠯᠡᠬᠡᠨ ᠤ ᠲᠥᠪ ᠤᠨ ᠲᠥᠷᠥᠯ  ᠵᠦᠢᠯ ᠤᠨ ᠭᠤᠤᠯ ᠴᠣᠭᠴᠠ ᠪᠠᠷᠢᠯᠭ᠎ᠠ ᠳᠠᠭᠤᠰᠴᠠᠶ᠃ ᠢᠵᠢ ᠪᠦᠷᠢᠳᠦᠭᠦᠯᠬᠦ  ᠦᠢᠯᠡᠴᠢᠯᠡᠭᠡᠨ ᠤ ᠴᠢᠳᠠᠪᠬᠢ ᠲᠠᠰᠤᠷᠠᠯᠲᠠ ᠥᠬᠡᠶ ᠳᠡᠭᠡᠭᠰᠢᠯᠡᠪᠡ᠃     ᠨᠢᠭᠡ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤᠲᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠵᠦ᠂ ᠲᠥᠪ ᠵᠠᠮ᠂ ᠪᠤᠳᠬ᠎ᠠ ᠶᠢᠨ ᠡᠮᠦᠨ᠎ᠡ ᠵᠠᠮ᠂ ᠰᠢᠶᠠᠩ ᠶᠠᠩ ᠵᠡᠭᠡᠯᠢ ᠵᠡᠷᠭᠡ ᠵᠠᠮ ᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠷᠪᠠᠯᠵᠢᠨ ᠣᠷᠣᠨ ᠤ ᠬᠤᠯᠪᠣᠭᠠᠯᠠᠨ ᠨᠡᠪᠲᠡᠷᠡᠬᠦ ᠢᠨᠵᠧᠨᠧᠷᠢᠩ ᠢ ᠳᠠᠭᠤᠰᠬᠠᠵᠤ᠂ ᠬᠤᠳᠠ ᠶᠢᠨ ᠲᠣᠭᠤᠷᠢᠭ ᠤᠨ ᠳᠦᠷᠰᠦ ᠪᠠᠶᠢᠳᠠᠯ ᠲᠦᠢᠯ ᠤᠨ ᠶᠡᠭᠡ ᠰᠠᠶᠢᠵᠢᠷᠠᠪᠠ᠃ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ 4091 ᠡᠷᠦᠬᠡ ᠶᠢᠨ ᠵᠣᠷᠯᠣᠩ ᠢ ᠥᠭᠡᠷᠡᠴᠢᠯᠡᠵᠦ᠂ ᠬᠥᠳᠡᠭᠡ ᠲᠣᠰᠬᠤᠨ ᠤ ᠬᠤᠭ ᠨᠣᠪᠰᠢ ᠪᠣᠬᠢᠷ ᠤᠰᠤ ᠶᠢ  ᠰᠢᠢᠳᠪᠦᠷᠢᠯᠡᠬᠦ ᠲᠥᠬᠦᠭᠡᠷᠦᠮᠵᠢ ᠲᠠᠰᠤᠷᠠᠯᠲᠠ ᠤᠢᠭᠡᠢ ᠲᠡᠭᠦᠯᠳᠡᠷᠵᠢᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠶᠢ ᠨᠡᠶᠢᠳᠡᠮ ᠪᠡᠶᠡᠯᠡᠭᠦᠯᠵᠡᠶ᠃ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ 35% ᠠᠴᠠ ᠳᠡᠭᠡᠭᠰᠢ ᠪᠣᠯᠵᠤ᠂ ᠲᠣᠰᠬᠤᠨ ᠤ ᠳᠦᠷᠢ ᠲᠥᠷᠬᠦ ᠶᠢᠨ ᠳᠡᠭᠡᠭᠰᠢᠯᠡᠯᠲᠡ ᠶᠢᠨ ᠬᠠᠷᠢᠴᠠᠯ 8 ᠣᠠᠴᠠ ᠳᠡᠭᠡᠭᠰᠢ ᠳᠤ ᠬᠦᠷᠴᠦ᠂ ᠮᠠᠨ ᠤ ᠬᠤᠲᠠ ᠪᠦᠬᠦ ᠤᠯᠤᠰ ᠤᠨ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ᠲᠡᠷᠢᠭᠦᠨ ᠤ ᠰᠢᠶᠠᠨ ᠤ ᠴᠣᠯᠠ ᠶᠢ ᠬᠦᠷᠲᠡᠪᠡ᠃ ᠳ᠋ᠠ ᠰᠢᠩ ᠲᠣᠰᠬᠤᠨ ᠤᠯᠤᠰ ᠤᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠣᠢ ᠰᠢᠭᠤᠶ ᠡᠪᠡᠰᠦ ᠪᠡᠯᠴᠢᠭᠡᠷ ᠢ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠢᠭᠡᠨᠲᠡ ᠬᠠᠭᠠᠯᠪᠤᠷᠢᠯᠠᠭᠰᠠᠨ 2516 ᠮᠦ ᠣᠢ ᠲᠠᠢ ᠭᠠᠵᠠᠷ ᠢ ᠴᠡᠪᠡᠷᠯᠡᠨ ᠪᠤᠴᠠᠭᠠᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠪᠠ ︽ᠲᠠᠷᠢᠶᠠᠨ ᠭᠠᠵᠠᠷ ᠢ ᠨᠡᠷ᠎ᠡ ᠪᠤᠷᠤᠭᠤᠯᠠᠭᠰᠠᠨ ᠭᠡᠷ ᠪᠠᠢᠰᠢᠩ︾ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠵᠤᠰᠠᠯᠠᠩ ᠪᠠᠶᠢᠭᠤᠯᠬᠤ ᠶᠢ ᠵᠥᠷᠢᠴᠡᠭᠰᠡᠨ ᠠᠰᠠᠭᠤᠳᠠᠯ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠢᠶᠠᠨ︾ ᠪᠠᠶᠢᠬᠤ ᠠᠰᠠᠭᠤᠳᠠᠯ ᠢ ᠪᠦᠬᠦᠨ ᠢ ᠬᠦᠴᠦᠨ ᠥᠬᠡᠶ ᠪᠣᠯᠭᠠᠪᠠ᠃ ᠬᠠᠯᠬᠠᠪᠴᠢ ᠣᠢ ᠪᠣᠯᠤᠨ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ 3.04 ᠲᠦᠮᠡᠨ ᠮᠦ ᠪᠡᠶᠡᠯᠡᠭᠦᠯᠵᠦ᠂ ᠣᠢ ᠰᠢᠭᠤᠶ ᠶᠢᠨ ᠬᠠᠳᠠᠭᠠᠯᠠᠭᠳᠠᠴᠠ 1.69% ᠨᠡᠮᠡᠭᠳᠡᠵᠦ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ 80% ᠠᠴᠠ ᠳᠡᠭᠡᠭᠰᠢ ᠳᠤ ᠬᠦᠷᠴᠦ᠂ 21 ᠵᠢᠯ ᠳᠠᠷᠠᠭᠠᠯᠠᠨ ᠣᠨᠴᠠ ᠶᠡᠭᠡ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠦᠭᠡᠢ ᠪᠣᠯᠵᠤ᠂ ᠠᠮᠢ ᠠᠬᠤᠢ ᠶᠢᠨ ᠬᠠᠮᠠᠭᠠᠯᠠᠯᠲᠠ ᠦᠷᠭᠦᠯᠵᠢᠯᠡᠨ ᠴᠢᠩᠭᠠᠷᠠᠪᠠ᠃     ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠣᠯᠠᠨ ᠲᠤ ᠮᠡᠨ ᠤ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 32.57 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79.51% ᠶᠢ ᠡᠵᠡᠯᠡᠪᠡ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠ ᠳᠠᠬᠢᠨ ᠮᠠᠭᠠᠳᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠬᠤᠲᠠ ᠪᠠᠯᠭᠠᠰᠤᠨ ᠳᠤ 4869 ᠬᠥᠮᠦᠨ ᠳᠤ ᠰᠢᠨ᠎ᠡ ᠪᠠᠷ ᠠᠵᠢᠯ ᠣᠯᠭᠤᠵᠤ᠂ 24215 ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.91% ᠳᠤ ᠬᠢᠵᠠᠭᠠᠷᠯᠠᠪᠠ᠃ ᠤᠯᠤᠰ  ᠤᠨ ᠲᠡᠰ ᠤᠨ ᠣᠳᠣᠨ ᠡᠭᠦᠳᠦᠯᠲᠡ ᠶᠢᠨ ᠣᠷᠣᠨ ᠵᠠᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠥᠷᠲᠡᠭᠡ 2 ᠰᠢᠨ᠎ᠡ ᠪᠠᠷ ᠨᠡᠮᠡᠭᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠦᠷᠭᠦᠯᠵᠢᠯᠡᠨ ᠴᠢᠩᠭᠠᠷᠠᠪᠠ᠃ ᠪᠦᠬᠦ ᠵᠢᠯ ᠤᠨ ᠰᠤᠷᠭᠠᠨ ᠬᠥᠮᠦᠵᠢᠯ ᠤᠨ ᠲᠥᠰᠦᠪ ᠤᠨ ᠳᠣᠲᠣᠷᠠᠬᠢ ᠵᠠᠷᠤᠳᠠᠯ 5.44 ᠳ᠋ᠦᠩᠰᠢᠭᠤᠷ ᠲᠥᠭᠦᠷᠢᠭ ᠲᠤ ᠬᠦᠷᠪᠡ᠃ ᠬᠥᠯᠥᠨ ᠪᠤᠶᠢᠷ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠠᠰᠢᠭᠯᠠᠯᠲᠠ ᠳᠤ ᠣᠷᠣᠵᠤ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠᠷᠢᠯᠭ᠎ᠠ ᠳᠠᠭᠤᠰᠴᠤ᠂ ᠾᠧ ᠰᠢ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠪᠠᠷᠢᠯᠭ᠎ᠠ ᠳᠠᠭᠤᠰᠪᠠ᠃ ᠰᠤᠷᠭᠠᠨ ᠬᠥᠮᠦᠵᠢᠯ ᠤᠨ ᠦᠨᠡᠯᠡᠨ ᠵᠢᠱᠢᠯᠲᠡ ᠬᠥᠯᠥᠨ ᠪᠤᠶᠢᠷ ᠤᠨ ᠰᠢᠯᠢᠳᠡᠭ ᠳᠡᠰ ᠳᠠᠷᠠᠭᠠᠯᠠᠯ ᠳᠤ ᠣᠷᠣᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠶᠠᠪᠤᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠮ ᠤᠨ ᠵᠦᠢᠯᠡᠰ ᠤᠨ ᠦᠨ᠎ᠡ ᠨᠡᠮᠡᠵᠦ ᠠᠰᠢᠭ ᠣᠯᠭᠤᠬᠤ ᠡᠪᠡᠳᠴᠢᠲᠡᠨ ᠢ 2000 ᠲᠦᠮᠡᠨ ᠲᠥᠭᠦᠷᠢᠭ ᠬᠦᠴᠦᠨ ᠦᠭᠡᠢ ᠪᠣᠯᠭᠠᠪᠠ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ ᠤᠯᠤᠰ ᠠᠴᠠ ᠭᠤᠷᠪᠠᠳᠤᠭᠠᠷ ᠲᠡᠰ ᠤᠨ ᠬᠥᠬᠡ ᠲᠡᠰ ᠤᠨ ᠬᠢᠲᠠᠳ ᠡᠮᠨᠡᠯᠭᠡ ᠶᠢᠨ ᠬᠤᠷᠢᠶ᠎ᠠ ᠭᠡᠵᠦ ᠦᠨᠡᠯᠡᠭᠳᠡᠵᠦ᠂ ᠬᠤᠲᠠ ᠶᠢᠨ ᠡᠮᠨᠡᠯᠭᠡ ᠶᠢᠨ ᠬᠤᠷᠢᠶ᠎ᠠ ᠨᠢ ᠪᠦᠬᠦ ᠤᠯᠤᠰ ᠤᠨ ᠬᠠᠮᠤᠭ ᠤᠨ ᠭᠤᠶᠣ ᠰᠢᠶᠠᠨ ᠤ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠵᠦ᠂ ᠮᠥᠭᠦᠴᠢ ᠪᠠᠯᠭᠠᠰᠤ᠂ ᠴᠠᠢ ᠾᠧ ᠪᠠᠯᠭᠠᠰᠤ ᠨᠢ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠᠷ ᠦᠨᠡᠯᠡᠭᠳᠡᠪᠡ᠃ ᠮᠠᠨ ᠤ ᠬᠤᠲᠠ ᠪᠦᠬᠦ ᠤᠯᠤᠰ ᠠᠴᠠ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ ᠪᠣᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠪᠥᠬᠦ ᠲᠠᠯ᠎ᠠ ᠪᠠᠷ ᠳᠠᠭᠤᠰᠪᠠ᠃ ᠮᠠᠨ ᠤ ᠬᠤᠲᠠ ᠳᠠᠬᠢᠨᠲᠠ ᠲᠥᠪ ᠲᠧᠯᠸᠢᠰ ᠤᠨ ᠲᠠᠷᠢᠶᠠᠴᠢᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠤᠮᠠᠷᠠᠲᠤ ᠣᠷᠣᠨ ᠤ ᠭᠠᠳᠠᠷ ᠦᠵᠡᠮᠵᠢ ᠶᠢᠨ ᠰᠡᠭᠦᠳᠡᠷᠯᠡᠬᠦ ᠭᠠᠵᠠᠷ ᠪᠣᠯᠪᠠ᠃ ︽ᠬᠥᠯᠥᠨ ᠪᠤᠶᠢᠷ ᠤᠨ ᠬᠠᠭᠤᠴᠢ ᠰᠤᠳᠤᠯᠤᠯ ᠤᠨ ᠶᠡᠭᠡ ᠰᠢᠰᠲ᠋ᠧᠮ — ᠵᠠᠯᠠᠨ ᠠᠢᠯ ᠤᠨ ᠪᠣᠳᠢ︾ ᠶᠢ ᠨᠠᠶᠢᠷᠠᠭᠤᠯᠵᠤ ᠳᠠᠭᠤᠰᠬᠠᠪᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠵᠠᠭᠤᠨ ᠮᠧᠲᠷ ᠤᠨ ᠴᠠᠭᠠᠰᠤᠨ ᠬᠠᠶᠢᠴᠢᠯᠠᠮᠠᠯ ᠤᠨ ᠤᠷᠲᠤ ᠬᠠᠭᠤᠳᠠᠰᠤ ᠶᠢ ᠥᠪᠡᠷᠲᠡᠭᠡᠨ ᠵᠠᠰᠠᠬᠤ ᠣᠷᠣᠨ ᠤ ᠮᠦᠽᠧᠶ ᠳᠤ ᠬᠠᠳᠠᠭᠠᠯᠠᠵᠤ ᠳᠡᠯᠭᠡᠨ ᠦᠵᠡᠭᠦᠯᠵᠦ᠂ ︽ᠲᠠᠯ᠎ᠠ ᠨᠤᠲᠤᠭ ᠢᠶᠠᠨ ᠳᠠᠭᠤᠯᠠᠭᠰᠠᠨ ᠳᠠᠭᠤᠤ︾ ᠨᠢ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠤᠰᠠᠯᠠᠬᠤ ᠲᠥᠷᠥᠯ  ᠵᠦᠢᠯ ᠳᠤ ᠰᠣᠩᠭᠤᠭᠳᠠᠪᠠ᠃      ᠨᠢᠭᠡ ᠵᠢᠯ ᠤᠨ ᠲᠤᠷᠰᠢ᠂ ᠪᠢᠳᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂  ᠦᠢᠯᠡᠴᠢᠯᠡᠬᠡᠨ ᠤ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠦᠨ᠎ᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠡᠷᠡᠭ ᠢ ᠳᠠᠭᠠᠭᠠᠴᠢᠯᠠᠬᠤ ᠵᠡᠷᠭᠡ ᠳᠦᠷᠢᠮ ᠢ ᠭᠦᠨᠵᠡᠭᠡᠢ ᠨᠠᠢᠳᠠᠪᠤᠷᠢᠵᠢᠭᠤᠯᠬᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠠᠶᠤᠯᠭᠦᠢ ᠤᠰᠤ ᠤᠮᠳᠠ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠡᠷᠭᠡ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠯᠡᠨ ᠥᠷᠨᠢᠭᠦᠯᠵᠦ᠂ ᠪᠦᠬᠦ ᠬᠤᠲᠠ ᠶᠢᠨ ᠠᠮᠤᠷ ᠲᠦᠪᠰᠢᠨ᠂ ᠡᠷᠡᠭᠦᠦ ᠶᠢᠨ ᠬᠡᠷᠡᠭ ᠦᠷᠭᠦᠯᠵᠢᠯᠡᠨ ᠪᠠᠭᠤᠷᠠᠪᠠ᠃ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠢᠳᠡᠵᠦ ᠡᠮᠦᠰᠬᠦ ᠶᠠᠪᠤᠵᠤ ᠰᠠᠭᠤᠬᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠴᠡᠭᠴᠡᠯᠡᠨ ᠵᠠᠰᠠᠯᠲᠠ ᠪᠣᠳᠠᠲᠤ ᠦᠷ᠎ᠡ ᠪᠦᠲᠦᠮ ᠶᠢ ᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠳᠠᠭᠤᠷ ᠦᠨᠳᠦᠰᠦᠲᠡᠨ ᠤ ᠰᠢᠶᠠᠩ ᠪᠠ ᠲᠣᠰᠬᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢᠨ ᠦᠩᠭᠡ ᠭᠡᠷᠡᠯ ᠢ ᠬᠦᠷᠲᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠥᠷᠥ ᠶᠢᠨ ᠵᠥᠪᠯᠡᠯᠭᠡᠨ ᠪᠣᠯᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠲᠤᠰᠢᠶᠠᠯ ᠢᠶᠠᠨ  ᠬᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠬᠢᠨᠠᠨ ᠪᠣᠳᠣᠬᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ᠂ ᠬᠡᠤᠬᠡᠳ᠂ ᠤᠯᠠᠭᠠᠨ ᠵᠠᠭᠠᠯᠮᠠᠢᠲᠠᠨ᠂ ᠵᠡᠮᠳᠡᠭᠴᠦᠳ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ᠂ ᠳᠠᠩᠰᠠ ᠡᠪᠬᠡᠮᠡᠯ᠂ ᠠᠵᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ  ᠵᠦᠢᠯ ᠤᠨ ᠠᠵᠢᠯ  ᠦᠢᠯᠡᠰ ᠪᠦᠬᠦ ᠲᠠᠯ᠎ᠠ ᠪᠠᠷ ᠳᠠᠪᠰᠢᠯᠲᠠ ᠲᠠᠢ ᠪᠣᠯᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠢᠮᠠᠭᠲᠠ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠷ ᠠᠵᠢᠯᠯᠠᠵᠤ᠂ ᠨᠢᠭᠡᠨᠲᠡ ᠲᠣᠭᠲᠠᠭᠠᠭᠰᠠᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠡᠨᠡ ᠨᠢᠭᠡ ᠵᠢᠯ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠥᠷᠢ ᠥᠭᠴᠡᠭᠡ ᠶᠢ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠠᠴᠠ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠬᠦ ᠵᠡᠷᠭᠡ ᠪᠠᠴᠢᠮ ᠬᠦᠴᠢᠷ ᠠᠶᠤᠯ ᠬᠦᠨᠳᠦ ᠡᠭᠦᠷᠭᠡ ᠶᠢᠨ ᠡᠮᠦᠨ᠎ᠡ᠂ ᠪᠦᠬᠦ ᠬᠤᠲᠠ ᠶᠢᠨ ᠺᠠᠳ᠋ᠷ ᠣᠯᠠᠨ ᠲᠦᠮᠡᠨ ᠤᠯᠤᠰ ᠲᠥᠷᠥ ᠶᠢ ᠡᠷᠬᠢᠮᠯᠡᠵᠦ ᠶᠡᠭᠡ ᠲᠠᠯ᠎ᠠ ᠶᠢ ᠬᠠᠷᠠᠭᠠᠯᠵᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠰᠠᠶᠢᠨ ᠳᠤᠷ᠎ᠠ ᠠᠴᠠ ᠬᠤᠪᠢ ᠨᠡᠮᠡᠷᠢ ᠦᠵᠡᠭᠦᠯᠦᠨ᠎ᠡ᠃ ᠬᠦᠴᠦ ᠬᠥᠯᠥᠰᠥ ᠪᠠᠨ ᠤᠷᠤᠰᠬᠠᠵᠤ ᠢᠯᠠᠩᠭᠤᠶ᠎ᠠ ᠠᠬᠠᠮᠠᠳ ᠺᠠᠳ᠋ᠷ᠂ ᠠᠬᠠᠮᠠᠳ ᠨᠥᠬᠦᠳ ᠦᠨᠡᠨ ᠰᠡᠳᠬᠢᠯᠭᠡ ᠲᠠᠢ ᠪᠠᠶᠢᠵᠤ᠂ ᠤᠯᠠᠪᠤᠷ ᠲᠤᠶᠠᠭ᠎ᠠ ᠰᠠᠴᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠢᠳᠬᠠᠯ᠂ ᠰᠠᠶᠢᠨ ᠠᠷᠭ᠎ᠠ ᠪᠣᠳᠣᠯᠭ᠎ᠠ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠷᠦᠩᠬᠡᠶ ᠠᠩᠭᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠺᠠᠳ᠋ᠷ ᠤᠨ ᠪᠠᠭ᠎ᠠ ᠭᠡᠷ ᠢᠶᠠᠨ ᠬᠠᠶᠠᠵᠤ ᠣᠯᠠᠨ ᠢ ᠬᠠᠷᠠᠭᠠᠯᠵᠠᠵᠤ᠂ ᠪᠡᠷᠬᠡ ᠪᠣᠭᠤᠮᠲᠠ ᠶᠢ ᠰᠢᠪᠲᠤᠯᠤᠨ ᠬᠠᠲᠠᠭᠤ ᠳᠠᠶᠢᠯᠠᠯᠳᠤᠭᠠᠨ ᠬᠢᠵᠦ᠂ ᠰᠢᠨ᠎ᠡ ᠴᠠᠭ ᠦᠶ᠎ᠡ ᠳᠤ ᠵᠠᠯᠠᠨ ᠠᠶᠢᠯ ᠤᠨ ᠪᠣᠬᠢᠷᠲᠤᠯ ᠥᠬᠡᠶ ᠬᠥᠭᠵᠢᠨ ᠮᠠᠨᠳᠤᠬᠤ ᠶᠢ ᠠᠬᠢᠭᠤᠯᠬᠤ ᠠᠶᠠᠨ ᠵᠠᠮ ᠳᠤ ᠨᠡᠶᠢᠯᠡᠮᠡᠯ ᠬᠦᠴᠦᠨ ᠢᠶᠠᠷ ᠬᠠᠮᠤᠭ ᠤᠨ ᠬᠦᠴᠦᠷᠬᠡᠭ ᠲᠠᠭᠤᠨ ᠢ ᠬᠠᠩᠭᠢᠨᠠᠭᠤᠯᠪᠠ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠂ ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠵᠠᠯᠠᠨ ᠠᠶᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠣᠷᠣᠯᠴᠠᠭᠰᠠᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠲᠡᠮᠡᠴᠡᠯ ᠬᠠᠲᠠᠭᠤ ᠪᠡᠷᠬᠡᠰᠢᠶᠡᠯ ᠢᠶᠠᠷ ᠪᠢᠯᠬᠠᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡᠨ ᠳᠤ ᠪᠠᠰᠠ ᠤᠯᠠᠨ ᠳᠠᠪᠬᠤᠷ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠨᠢᠭᠡ ᠳᠤ ᠬᠥᠭᠵᠢᠯᠲᠡ ᠶᠢᠨ ᠰᠠᠭᠤᠷᠢ ᠪᠠᠰᠠ ᠬᠠᠷᠢᠴᠠᠩᠭᠤᠶ ᠪᠠᠷ ᠪᠠᠭᠤᠷᠠᠶ ᠪᠠᠶᠢᠭᠰᠠᠭᠠᠷ᠃ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠪᠠᠰᠠ ᠯᠠᠪᠳᠠᠭᠤᠨ ᠪᠠᠲᠤᠲᠠᠢ ᠪᠢᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠤᠶᠠᠷ ᠲᠤ ᠬᠥᠭᠵᠢᠯᠲᠡ ᠶᠢᠨ ᠬᠥᠳᠡᠯᠭᠡᠬᠦ ᠬᠦᠴᠦᠨ ᠪᠠᠰᠠ ᠬᠠᠷᠢᠴᠠᠩᠭᠤᠶ ᠪᠠᠷ ᠬᠦᠷᠦᠯᠴᠡᠬᠦ ᠦᠭᠡᠢ ᠪᠠᠶᠢᠵᠤ ᠂ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠᠭ᠎ᠠ᠂ ᠲᠥᠷᠥᠯ  ᠵᠦᠢᠯ ᠤᠨ ᠨᠥᠭᠡᠴᠡ ᠶᠢᠨ ᠶᠠᠰᠤ ᠴᠢᠨᠠᠷ ᠥᠨᠳᠥᠷ ᠪᠤᠰᠤ ᠪᠠᠶᠢᠵᠤ᠂ ᠶᠡᠷᠦᠩᠬᠡᠶ ᠬᠡᠮᠵᠢᠶ᠎ᠡ ᠶᠢ ᠶᠡᠬᠡᠰᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠳᠠᠪᠬᠤᠷ ᠳᠠᠷᠤᠯᠲᠠ ᠯᠤᠲᠤ ᠶᠡᠭᠡ ᠪᠠᠶᠢᠨ᠎ᠠ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠪᠠᠰᠠ ᠮᠠᠰᠢ ᠲᠣᠪᠦ᠋ᠮ᠎ᠠ ᠪᠠᠶᠢᠨ᠎ᠠ᠂ ᠤᠯᠠᠨ ᠨᠡᠶᠢᠲᠡ ᠶᠢᠨ  ᠦᠢᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠳᠤ ᠪᠠᠰᠠ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠡᠳ᠋ ᠤᠨ ᠬᠦᠴᠦᠨ ᠢ ᠨᠡᠮᠡᠭᠳᠡᠭᠦᠯᠬᠦ ᠶᠢᠨ ᠳᠠᠪᠬᠤᠷ ᠡᠭᠦᠷᠭᠡ ᠬᠦᠨᠳᠦ ᠪᠠᠶᠢᠨ᠎ᠠ᠃ ᠳᠥᠷᠪᠡ ᠳᠤ ᠬᠡᠰᠡᠭ ᠺᠠᠳ᠋ᠷᠴᠤᠳ ᠪᠠᠰᠠ ᠠᠳᠠᠯᠢ ᠪᠤᠰᠤ ᠬᠡᠮᠵᠢᠶ᠎ᠡ ᠪᠠᠷ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠬᠦᠷᠦᠯᠴᠡᠬᠦ ᠦᠭᠡᠢ᠂ ᠣᠪᠣᠷ ᠰᠤᠷᠲᠠᠯ ᠪᠣᠳᠠᠲᠠᠶ ᠪᠢᠰᠢ᠂ ᠦᠷ᠎ᠡ ᠪᠦᠲᠦᠮᠵᠢ ᠥᠨᠳᠥᠷ ᠪᠢᠰᠢ ᠠᠰᠠᠭᠤᠳᠠᠯ ᠣᠷᠣᠰᠢᠵᠤ᠂ ᠵᠠᠷᠢᠮ ᠬᠦᠷᠢᠶᠡᠨ ᠳᠤ ᠠᠶᠤᠯ ᠲᠦᠭᠰᠢᠭᠦᠷᠢ ᠶᠢᠨ ᠳᠠᠯᠳᠠ ᠭᠡᠮ ᠢ ᠤᠮᠳᠤᠭᠠᠢᠯᠠᠵᠤ ᠪᠣᠯᠬᠤ ᠦᠭᠡᠢ᠂ ᠢᠯᠠᠩᠭᠤᠶ᠎ᠠ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠠᠷ ᠨᠡᠯᠢᠶᠡᠳ ᠶᠡᠭᠡ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠃ ᠪᠢᠳᠡ ᠵᠠᠪᠠᠯ ᠠᠰᠠᠭᠤᠳᠠᠯ ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠠᠵᠢᠯ ᠢᠶᠠᠨ ᠴᠢᠷᠮᠠᠶᠢᠨ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ  ᠭᠦᠢᠴᠡᠳᠬᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠃ᠬᠤᠶᠠᠷ᠂ 2020 ᠤᠨ ᠠᠵᠢᠯ ᠤᠨ ᠲᠣᠬᠢᠷᠠᠭᠤᠯᠤᠯᠲᠠ       2020 ᠣᠨ ᠪᠣᠯ ᠴᠢᠬᠤᠯᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠴᠦᠰ ᠤᠨ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ  ᠰᠢᠢᠳᠪᠦᠷᠢᠳᠦ ᠢᠯᠠᠯᠲᠠ ᠶᠢ ᠤᠯᠬᠤ ᠵᠢᠯ ᠮᠥᠨ᠃ ᠡᠨᠡ ᠨᠢᠭᠡ ᠵᠢᠯ ᠶᠡᠷᠦ ᠪᠤᠰᠤ ᠶᠢᠨ ᠪᠠᠶᠢᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠲᠠᠷᠬᠠᠬᠤ ᠬᠤᠷᠳᠤᠴᠠ ᠬᠠᠮᠤᠭ ᠤᠨ ᠲᠦᠷᠭᠡᠨ᠂ ᠬᠠᠯᠳᠠᠪᠤᠷ ᠢᠯᠠᠬᠤ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ ᠳᠤ ᠬᠠᠮᠤᠭ ᠤᠨ ᠶᠡᠭᠡ ᠰᠢᠨ᠎ᠡ ᠲᠢᠲᠢᠮ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠳᠤ ᠪᠢᠳᠡ ᠵᠢᠯ ᠤᠨ ᠡᠬᠢᠨ ᠤ ᠦᠶ᠎ᠡ ᠳᠤ ᠲᠣᠬᠢᠶᠠᠯᠳᠤᠪᠠ᠃ ᠬᠢᠵᠢᠭ ᠤᠨ ᠪᠠᠢᠳᠠᠯ ᠤᠨ ᠡᠮᠦᠨ᠎ᠡ᠂ ᠪᠦᠬᠦ ᠬᠤᠲᠠ ᠳᠠᠶᠠᠭᠠᠷ ᠵᠠᠷᠯᠢᠭ ᠢ ᠰᠣᠨᠣᠰᠴᠤ᠂ ᠣᠯᠠᠨ ᠤ ᠵᠣᠷᠢᠭ ᠨᠢᠭᠡᠳᠴᠦ᠂ ᠬᠠᠬᠢᠷ ᠬᠦᠢᠲᠡᠨ᠂ ᠴᠠᠰᠤ ᠰᠢᠭᠤᠷᠭ᠎ᠠ ᠲᠠᠢ ᠪᠠᠶᠢᠯᠳᠤᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠬᠦᠴᠦ ᠪᠠᠨ ᠬᠠᠮᠲᠤᠳᠬᠠᠨ ᠬᠢᠵᠢᠭ ᠤᠨ ᠪᠠᠶᠢᠳᠠᠯ ᠢ ︽ᠳᠠᠩ ᠣᠷᠣᠭᠤᠯᠬᠤ︾ ︽ᠳᠠᠩ ᠬᠠᠯᠳᠠᠪᠤᠷᠢᠯᠠᠯ ᠦᠭᠡᠢ︾ ᠭᠡᠬᠦ ᠴᠢᠬᠤᠯᠠ ᠶᠡᠭᠡ ᠦᠷ᠎ᠡ ᠪᠦᠲᠦᠭᠡᠯ ᠣᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ ᠪᠢᠳᠡ ᠬᠢᠵᠢᠭ ᠰᠡᠷᠭᠡᠶᠢᠯᠡᠬᠦ ᠪᠠᠢᠳᠠᠯ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠬᠠᠷᠢᠴᠠᠭ᠎ᠠ ᠶᠢ ᠵᠥᠪ  ᠰᠢᠢᠳᠪᠦᠷᠢᠯᠡᠵᠦ᠂ ᠠᠵᠤ ᠦᠶ᠋ᠯᠡᠳᠪᠦᠷᠢ ᠶᠢᠨ 30 ᠠᠵᠤ ᠠᠬᠤᠶᠢᠯᠠᠯ᠂ 34000 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 42 ᠳᠤᠮᠳᠠᠳᠤ ᠪᠠᠭ᠎ᠠ ᠰᠤᠷᠭᠠᠭᠤᠯᠢ ᠶᠢᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠤᠰ ᠢᠯᠠᠯᠲᠠ︾ ᠶᠢ ᠲᠡᠮᠡᠴᠡᠨ ᠤᠯᠬᠤ ᠲᠠᠯ᠎ᠠ ᠪᠠᠷ ᠵᠣᠬᠢᠬᠤ ᠬᠡᠮᠵᠢᠶᠡᠨ ᠤ ᠦᠷ᠎ᠡ ᠪᠦᠲᠦᠮᠵᠢ ᠤᠯᠪᠠ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠤᠪᠢ ᠨᠡᠮᠡᠷᠢ ᠦᠵᠡᠭᠦᠯᠦᠭᠰᠡᠨ ᠢ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠯ᠎ᠡ ᠱᠠᠲᠤᠨ ᠤ ᠨᠠᠮ ᠵᠠᠰᠠᠭ ᠤᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ᠂ ᠡᠯ᠎ᠡ ᠬᠠᠶᠢᠷ᠎ᠠ ᠬᠠᠯᠠᠮᠵᠢ ᠶᠢᠨ ᠬᠥᠮᠦᠰ ᠲᠤ ᠬᠠᠮᠤᠭ ᠤᠨ ᠡᠷᠬᠢᠮ ᠬᠦᠨᠳᠦᠳᠬᠡᠯ ᠢᠶᠠᠨ ᠳᠡᠪᠰᠢᠭᠦᠯᠦᠶ᠎ᠡ︕ ᠬᠢᠵᠢᠭ ᠦᠨ ᠪᠠᠶᠢᠳᠠᠯ ᠢ ᠰᠡᠷᠭᠡᠶᠢᠯᠡᠨᠬᠢᠵᠠᠭᠠᠷᠯᠠᠬᠤ ᠠᠵᠢᠯ ᠢ ᠣᠶᠢᠯᠭᠠᠨ ᠳᠡᠮᠵᠢᠵᠦ ᠬᠠᠮᠵᠢᠯᠴᠠᠵᠤ ᠪᠠᠶᠢᠭ᠎ᠠ ᠥᠷᠭᠡᠨ ᠣᠯᠠᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠬᠢᠵᠢᠭ ᠤᠨ ᠪᠠᠶᠢᠳᠠᠯ ᠤᠨ ᠨᠥᠯᠥᠭᠡ ᠪᠣᠯ ᠲᠦᠷ ᠴᠠᠭ ᠤᠨ ᠶᠤᠮ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠣᠯ ᠥᠨᠢ ᠡᠭᠦᠷᠢᠳᠡ ᠶᠢᠨ ᠶᠠᠪᠤᠳᠠᠯ ᠮᠥᠨ᠃ ᠤᠷᠤᠭᠰᠢᠯᠠᠬᠤ ᠵᠠᠮ ᠳᠡᠭᠡᠷ᠎ᠡ ᠪᠢᠳᠡ ᠬᠡᠵᠢᠶᠡᠳᠡ ᠵᠣᠭᠰᠣᠬᠤ ᠦᠭᠡᠢ᠃ ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ︽ᠬᠤᠶᠠᠷ ᠬᠤᠷᠠᠯ︾ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠡᠷᠬᠢᠮ ᠳᠡᠭᠡᠳᠦ᠂ ᠠᠮᠢ ᠨᠠᠰᠤ ᠡᠷᠬᠢᠮ ᠳᠡᠭᠡᠳᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠨᠢ ᠠᠯᠢᠪᠠ ᠦᠨ᠎ᠡ ᠲᠥᠯᠥᠪᠦᠷᠢ ᠶᠢ ᠬᠠᠶᠢᠬᠤᠷᠬᠤ ᠦᠭᠡᠢ ᠪᠠᠶᠢᠵᠤ ᠪᠣᠯᠤᠨ᠎ᠠ᠃ ᠶᠡᠷᠦᠩᠬᠡᠶ ᠰᠠᠶᠢᠳ ᠯᠢ  ᠺᠧ ᠴᠢᠶᠠᠩ ᠤᠨ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︽ᠠᠷᠠᠳ︾ ᠢ ᠲᠤᠪᠤᠶᠢᠯᠭᠠᠵᠦ᠂ 2020 ᠣᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠠᠷᠭᠠᠴᠠᠬᠤ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠵᠢᠷᠭᠤᠭ᠎ᠠ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠡᠶ᠃ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠡᠷᠡᠰ ᠪᠡᠶᠡᠯᠡᠭᠦᠯᠵᠦ᠂ ᠠᠵᠤ ᠠᠬᠤᠯᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠬᠠᠤᠯᠢ ᠲᠣᠭᠲᠠᠭᠠᠯ ᠢ ᠲᠣᠭᠲᠠᠭᠠᠭᠰᠠᠨ ᠤᠷᠢᠲᠠᠯ ᠳᠣᠣᠷ᠎ᠠ᠂ ᠬᠠᠰᠤᠬᠤ ᠶᠣᠰᠣᠲᠠᠶ ᠶᠢ ᠨᠢ ᠬᠠᠰᠤᠵᠤ᠂ ᠬᠡᠯᠲᠦᠷᠢᠭᠦᠯᠬᠦ ᠶᠣᠰᠣᠲᠠᠶ ᠶᠢ ᠨᠢ ᠬᠡᠯᠲᠦᠷᠢᠭᠦᠯᠵᠦ᠂ ᠬᠤᠶᠢᠰᠢᠯᠠᠭᠤᠯᠬᠤ ᠶᠣᠰᠣᠲᠠᠶ ᠶᠢ ᠨᠢ ᠬᠤᠶᠢᠰᠢᠯᠠᠭᠤᠯᠵᠤ᠂ ᠡᠩ ᠲᠡᠷᠢᠭᠦᠨ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠪᠣᠯᠤᠨ ᠠᠷᠠᠳ ᠣᠯᠠᠨ ᠤ ᠰᠡᠳᠬᠢᠯ ᠵᠣᠪᠠᠭ᠋ᠤ ᠶᠠᠪᠤᠳᠠᠯ ᠢ ᠦᠨᠡᠨᠬᠦ ᠰᠠᠶᠢᠲᠤᠷ  ᠰᠢᠢᠳᠪᠦᠷᠢᠯᠡᠬᠦ ᠬᠡᠷᠡᠭᠲᠡᠶ᠃ ᠢᠯᠠᠩᠭᠤᠶ᠎ᠠ ᠪᠢᠳᠡ  ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠠᠴᠠ ᠨᠠᠰᠢ᠂ ᠳᠤᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠳᠠᠮᠵᠢᠨ᠂ ᠪᠦᠬᠦ ᠬᠤᠲᠠ ᠳᠤ ᠭᠦᠨ ᠳᠠᠪᠬᠤᠷᠭ᠎ᠠ᠂ ᠦᠨᠳᠦᠰᠦᠨ ᠴᠢᠨᠠᠷᠲᠠᠢ᠂ ᠪᠦᠬᠦ ᠲᠠᠯ᠎ᠠ ᠶᠢᠨ ᠬᠤᠪᠢᠷᠠᠯᠲᠠ ᠭᠠᠷᠴᠠᠢ᠃ ᠬᠠᠳᠠᠭᠠᠯᠠᠯᠲᠠ ᠶᠢ ᠠᠮᠢᠳᠤᠯᠢᠭ ᠪᠣᠯᠭᠠᠵᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠶ ᠶᠢᠨ ᠬᠥᠭᠵᠢᠯᠲᠡ ᠤᠷᠲᠤ ᠬᠤᠭᠤᠴᠠᠭ᠎ᠠ ᠪᠠᠷ ᠰᠠᠶᠢᠵᠢᠷᠠᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠬᠤ ᠪᠣᠯ ᠮᠠᠨ ᠤ ᠬᠢᠵᠢᠭ ᠤᠨ ᠪᠠᠶᠢᠳᠠᠯ ᠢ ᠢᠯᠠᠨ ᠳᠠᠪᠠᠵᠤ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠢᠲᠡᠭᠡᠯ ᠵᠣᠷᠢᠭ ᠤᠨ ᠦᠨᠳᠦᠰᠦ᠂ ᠬᠦᠴᠦᠨ ᠴᠢᠳᠠᠯ ᠤᠨ ᠡᠬᠢ ᠰᠤᠷᠪᠤᠯᠵᠢ ᠮᠥᠨ᠃ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ ᠰᠦᠷᠦᠨ ᠤᠷᠤᠭᠰᠢᠯᠠᠵᠤ᠂ ᠠᠰᠢᠭᠲᠠᠢ ᠪᠠᠶᠢᠳᠠᠯ ᠢ ᠠᠰᠢᠭᠯᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠᠷ ᠴᠢᠷᠮᠠᠶᠢᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠠᠶ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠠᠶ᠂ ᠬᠤᠲᠠ ᠶᠢᠨ ᠨᠠᠮ ᠤᠨ ᠬᠤᠷᠢᠶᠠᠨ ᠤ ᠨᠠᠶ᠋ᠮᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠬᠢᠨᠠᠮᠠᠭᠠᠶ ᠨᠠᠢᠳᠠᠪᠤᠷᠢᠵᠢᠭᠤᠯᠬᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠵᠠᠪᠠᠯ ᠣᠯᠵᠤ᠂ ︽ᠵᠢᠷᠭᠤᠭᠠᠨ ᠶᠡᠭᠡ ᠰᠢᠰᠲ᠋ᠧᠮ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠰᠢᠨ᠎ᠡ ᠴᠠᠭ ᠦᠶ᠎ᠡ ᠶᠢᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 4% ᠣᠷᠴᠢᠮ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 8% ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 4400 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ︔ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ︔ ᠪᠣᠬᠢᠷᠲᠤᠯ ᠥᠬᠡᠶ ᠬᠥᠭᠵᠢᠯᠲᠡ ᠶᠢᠨ ᠭ᠊ ᠭᠦᠢᠴᠡᠳᠬᠡᠯ ᠲᠤᠭ᠎ᠠ ᠪᠠ ᠬᠢᠵᠠᠭᠠᠷᠯᠠᠬᠤ ᠴᠢᠨᠠᠷᠲᠠᠶ  ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠦᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃      ︵ᠨᠢᠭᠡ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠳᠦ ᠢᠯᠠᠯᠲᠠ ᠶᠢ ᠲᠡᠮᠡᠴᠡᠨ ᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠶᠡᠭᠡ ᠪᠡᠷᠬᠡ ᠰᠡᠳᠦᠪ ᠢ  ᠰᠢᠢᠳᠪᠦᠷᠢᠯᠡᠬᠦ ᠳᠠᠶᠢᠯᠠᠯᠳᠤᠭᠠᠨ︾ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ᠃ ᠨᠢᠭᠡ ᠳᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ︽ᠳᠥᠷᠪᠡ ᠶᠢ ᠠᠪᠴᠤ ᠬᠠᠶᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ᠂ ᠪᠠᠯᠠ ᠮᠥᠩᠭᠦ᠂ ᠲᠥᠷᠥᠯ  ᠵᠦᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠨᠠᠩ ᠲᠣᠪᠦ᠋ᠮ᠎ᠠ ᠪᠠᠶᠢᠷᠢᠨ ᠳᠤ ᠲᠠᠯᠪᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠡᠭᠡᠷ᠎ᠡ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠣᠷᠣᠨ ᠰᠠᠭᠤᠴᠠ ᠪᠠ ᠠᠮᠤᠷ ᠲᠦᠪᠰᠢᠨ ᠤᠤᠭᠤᠬᠤ ᠤᠰᠤᠨ ᠤ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠠᠵᠤ ᠦᠢᠯᠡᠰ ᠢᠶᠠᠷ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ︽ᠭᠤᠷᠪᠠ ᠶᠢ ᠪᠡᠶᠡᠯᠡᠭᠦᠯᠬᠦ︾ ᠪᠡᠯᠡ ᠮᠥᠩᠭᠦ᠂ ᠠᠵᠤ ᠦᠢᠯᠡᠰ ᠤᠨ ᠰᠠᠭᠤᠷᠢ ᠮᠥᠩᠭᠦ᠂ ᠲᠣᠰᠬᠤᠨ ᠤ ᠬᠠᠮᠲᠤ ᠶᠢᠨ ᠠᠵᠤ ᠠᠬᠤᠶ ᠵᠡᠷᠭᠡ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠪᠠᠲᠤᠯᠠᠬᠤ ᠵᠢᠴᠢ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠤᠪᠢᠶᠠᠨ ᠪᠠᠲᠤᠯᠠᠬᠤ ᠶᠢ ᠴᠢᠩᠭᠠᠳᠬᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠤᠨ᠎ᠠ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠲᠠᠷᠠᠬᠠᠶ ᠨᠡᠭᠦᠷᠡᠰᠦᠨ ᠤ ᠪᠣᠬᠢᠷᠲᠤᠯ ᠢ ᠵᠠᠰᠠᠬᠤ ᠂ ᠬᠤᠲᠠ ᠶᠢᠨ ᠲᠣᠭᠤᠰᠣ ᠳᠡᠭᠳᠡᠬᠦ ᠪᠠ ᠠᠵᠤ  ᠦᠢᠯᠡᠳᠪᠦᠷᠢ ᠶᠢᠨ ᠡᠬᠢ ᠰᠤᠷᠪᠤᠯᠵᠢ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠵᠠᠳᠠᠯᠤᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠾᠧ ᠰᠢ ᠰᠢᠨ᠎ᠡ ᠲᠣᠭᠤᠷᠢᠭ ᠤᠨ ᠤᠰᠤᠨ ᠰᠤᠷᠪᠤᠯᠵᠢ ᠶᠢᠨ ᠭᠠᠵᠠᠷ᠂ ᠬᠥᠳᠡᠭᠡ ᠲᠣᠰᠬᠤᠨ ᠤ ᠤᠰᠤᠨ ᠰᠤᠷᠪᠤᠯᠵᠢ ᠶᠢᠨ ᠭᠠᠵᠠᠷ  ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠠᠰᠠᠬᠤ ᠠᠵᠢᠯ ᠢ ᠪᠡᠶᠡᠯᠡᠭᠦᠯᠦᠨ᠎ᠡ᠃ ᠪᠤᠵᠠᠷ ᠰᠢᠪᠡᠷ ᠰᠢᠶ᠋ᠳᠪᠦᠷᠢᠯᠡᠬᠦ ᠢᠨᠵᠧᠨᠧᠷᠢᠩ ᠤᠨ ᠪᠥᠳᠦᠭᠡᠨ ᠪᠠᠶᠢᠭᠤᠯᠬᠤ ᠶᠢ ᠲᠦᠷᠭᠡᠳᠬᠡᠵᠦ᠂ ᠠᠭᠤᠷᠬᠠᠶ ᠶᠢ ᠰᠡᠷᠭᠦᠭᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃  ᠭᠤᠷᠪᠠ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠣᠷᠣᠨ ᠪᠦᠰᠡ ᠶᠢᠨ ᠴᠢᠨᠠᠷᠲᠠᠶ ᠰᠢᠰᠲ᠋ᠧᠮᠲᠦ ᠴᠢᠨᠠᠷᠲᠠᠶ ᠠᠵᠢᠯ ᠲᠦᠷᠦᠯ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠬᠠᠤᠯᠢ ᠲᠣᠭᠲᠠᠭᠠᠯ ᠢ ᠵᠥᠷᠢᠴᠡᠨ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃ ᠡᠳ᠋ ᠤᠨ ᠵᠠᠰᠠᠭ ᠤᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠡᠬᠢ ᠪᠠᠶᠠᠯᠢᠭ ᠡᠳ᠋ ᠬᠥᠷᠥᠩᠭᠡ ᠶᠢ ᠢᠯᠭᠠᠷᠠᠭᠤᠯᠵᠤ ᠠᠮᠢᠳᠤᠯᠢᠭ ᠪᠣᠯᠭᠠᠬᠤ ᠶᠢ ᠲᠦᠷᠭᠡᠳᠬᠡᠵᠦ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠢᠯᠭᠠᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠠᠴᠢᠮ ᠬᠡᠷᠡᠭᠴᠡᠭᠡᠨ ᠤ ᠪᠤᠰᠤ ᠬᠠᠲᠠᠭᠤ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠎ᠠ᠃ ᠮᠥᠩᠭᠦᠨ  ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠮᠠᠭᠤ ᠰᠠᠨᠠᠭ᠎ᠠ ᠲᠠᠢ ᠵᠢᠭᠡᠯᠡᠯᠭᠡ ᠥᠷᠢᠲᠦᠬᠦ᠂ ᠲᠣᠤᠷ ᠰᠦᠯᠵᠢᠶ᠎ᠡ ᠪᠠᠷ ᠢᠵᠢ ᠪᠥᠷᠢᠳᠦᠭᠦᠯᠦᠭᠰᠡᠨ ᠵᠢᠭᠡᠯᠡᠯᠭᠡ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ︵ᠬᠤᠶᠠᠷ︶ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠳᠦ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠠᠬᠢᠭᠤᠯᠬᠤ ᠶᠢ ᠪᠠᠷᠢᠮᠲᠠᠯᠠᠨ᠂ ᠲᠥᠷᠥᠯ ᠵᠦᠢᠯ ᠢ ᠠᠳᠬᠤᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠬᠢᠵᠢᠭᠦᠯᠬᠦ ᠪᠠᠷ ᠬᠦᠴᠦᠯᠡᠨ ᠴᠢᠷᠮᠠᠶᠢᠨ᠎ᠠ᠃ ᠨᠢᠭᠡ ᠳᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠠᠳᠬᠤᠨ᠎ᠠ᠃ ︽ᠵᠢᠷᠭᠤᠭᠠᠨ ᠨᠢᠭᠡ︾ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠢᠳᠠᠪᠤᠷᠢᠵᠢᠭᠤᠯᠬᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠨᠢᠭᠡ ᠥᠷᠲᠡᠭᠡ ᠮᠠᠶ᠋ᠢᠭ︾ ᠤᠨ  ᠦᠢᠯᠡᠴᠢᠯᠡᠭᠡ ᠶᠢ ᠴᠢᠩᠭᠠᠷᠠᠭᠤᠯᠵᠤ᠂ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠬᠡᠬᠦ ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ︽ᠡᠳᠦᠷ ᠲᠤ ᠬᠢᠨᠠᠨ ᠡᠵᠡᠮᠳᠡᠬᠦ᠂ ᠭᠠᠷᠠᠭ ᠲᠤ ᠬᠤᠷᠢᠶᠠᠩᠭᠤᠶᠢᠯᠠᠬᠤ᠂ ᠰᠠᠷ᠎ᠠ ᠳᠤ ᠲᠣᠬᠢᠷᠠᠭᠤᠯᠬᠤ᠂ ᠤᠯᠠᠷᠢᠯ ᠳᠤ ᠰᠢᠪᠠᠳᠠᠨ ᠪᠠᠶᠢᠴᠠᠭᠠᠬᠤ᠂ ᠣᠨ ᠳᠤ ᠰᠢᠯᠭᠠᠨ ᠦᠨᠡᠯᠡᠬᠦ︾ ᠶᠢ ᠠᠬᠢᠭᠤᠯᠬᠤ ᠲᠣᠭᠲᠠᠴᠠ ᠶᠢ ᠬᠡᠷᠡᠭᠵᠢᠭᠦᠯᠵᠦ᠂ ᠡᠯᠭᠦᠭᠡ ᠵᠢᠷᠤᠭ ᠢᠶᠠᠷ ᠪᠠᠶᠢᠯᠳᠤᠬᠤ᠂ ᠬᠥᠳᠡᠯᠦᠩᠭᠦᠢ ᠬᠠᠮᠢᠶᠠᠷᠤᠯᠲᠠ ᠬᠢᠵᠦ᠂ 121 ᠬᠤᠲᠠ ᠶᠢᠨ ᠲᠣᠰ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ 45.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠰᠢᠵᠦ᠂ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠪᠣᠯᠤᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠲᠥᠷᠥᠯ ᠵᠦᠶ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠬᠤᠶᠠᠷ ᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠬᠥᠯᠥᠨ ᠪᠤᠶᠢᠷ ᠬᠤᠲᠠ ᠶᠢᠨ ᠲᠠᠰ ᠤᠨ 21 ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠲᠣᠰ ᠵᠢᠯ ᠳᠤ 35.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠤᠸᠠ ᠨᠧᠩ 2 × 35 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠳᠤᠮᠳᠠᠳᠤ ᠣᠷᠣᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠵᠡᠭᠦᠨ ᠱᠤᠭᠤᠮ ᠵᠡᠷᠭᠡ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠡᠷᠲᠡᠬᠡᠨ ᠪᠣᠳᠠᠲᠠᠶᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ᠃ 232 ᠤᠯᠤᠰ ᠠᠴᠠ ᠵᠠᠰᠠᠮᠠᠯ ᠵᠠᠮ ᠤᠨ ᠳ᠋ᠠ ᠰᠢᠩ — ᠽᠢ ᠭᠸᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠠᠵᠢᠯ ᠡᠬᠢᠯᠡᠬᠦ ᠶᠢ ᠢᠳᠡᠪᠬᠢᠲᠡᠢ ᠠᠬᠢᠭᠤᠯᠵᠤ᠂ ᠵᠠᠸᠠ ᠲᠦᠷᠭᠡᠨ ᠳᠠᠪᠬᠢᠬᠤ ᠵᠠᠰᠠᠮᠠᠯ ᠵᠠᠮ ᠤᠨ ᠳᠡᠰ ᠳᠡᠪᠰᠢᠬᠦ ᠥᠭᠡᠷᠡᠴᠢᠯᠡᠯᠲᠡ ᠪᠠ ᠭᠤᠷᠪᠠ ᠳᠣᠯᠤᠭ᠎ᠠ ᠣᠢ ᠰᠢᠭᠤᠶ ᠶᠢᠨ ᠲᠠᠯᠠᠪᠠᠢ — ᠺᠦᠨᠨᠢᠴᠢ ᠰᠢᠭᠤᠶᠢᠲᠤ ᠣᠷᠣᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 308 ᠮᠤᠵᠢ ᠶᠢᠨ ᠲᠡᠰ ᠤᠨ ᠵᠠᠰᠠᠮᠠᠯ ᠵᠠᠮ ᠤᠨ ᠨᠢᠶᠠᠨ ᠽᠢ ᠱᠠᠨ — ᠮᠥᠭᠦᠴᠢ — ᠴᠠᠢ ᠾᠧ ᠦᠵᠡᠮᠵᠢ ᠶᠢᠨ ᠣᠷᠣᠨ ᠤ ᠵᠠᠰᠠᠮᠠᠯ ᠵᠠᠮ ᠤᠨ ᠲᠥᠷᠥᠯ ᠵᠦᠶ᠋ᠯ ᠢ ᠪᠠᠶᠢᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠤᠬᠠᠭᠠᠯᠠᠨ ᠲᠥᠰᠦᠪᠯᠡᠵᠦ ᠨᠥᠭᠡᠴᠡᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠤᠶᠠᠯᠳᠤᠭᠤᠯᠤᠨ ︽ᠲᠠᠪᠤᠨ ᠶᠡᠭᠡ ᠪᠠᠶᠢᠷᠢ ᠲᠣᠭᠲᠠᠭᠠᠯᠲᠠ︾ ︽ᠵᠢᠷᠭᠤᠭᠠᠨ ᠶᠡᠭᠡ ᠰᠢᠰᠲ᠋ᠧᠮᠵᠢ︾ ᠶᠢᠨ ᠲᠣᠭᠤᠷᠢᠨ ᠳᠤ ᠨᠢᠭᠡ ᠪᠦᠯᠦᠭ ᠨᠡᠮᠡᠯᠲᠡ ᠥᠷᠲᠡᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠥᠷᠥᠯ  ᠵᠦᠢᠯ ᠢ ᠲᠥᠰᠦᠪᠯᠡᠨ ᠨᠥᠭᠡᠴᠡᠯᠡᠨ᠎ᠡ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠳᠣᠪᠤᠶᠢᠯᠭᠠᠵᠤ᠂ ᠬᠠᠲᠠᠴᠢ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ  ᠵᠦᠢᠯ ᠢ ᠶᠠᠷᠢᠯᠴᠠᠬᠤ᠂ ᠭᠡᠷ᠎ᠡ ᠲᠣᠭᠲᠠᠬᠤ ᠲᠥᠷᠥᠯ ᠵᠦᠶ᠋ᠯ ᠢ ᠢᠳᠡᠪᠬᠢᠲᠡᠢ ᠳᠠᠭᠠᠵᠤ᠂ ᠨᠢᠭᠡ ᠪᠦᠯᠦᠭ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ᠂ ᠤᠯᠤᠰ ᠠᠴᠠ ᠲᠥᠷᠥ ᠶᠢᠨ ᠪᠣᠳᠣᠯᠭ᠎ᠠ ᠪᠠᠷ ᠳᠠᠮᠵᠢᠵᠤ  ᠪᠠᠶᠢᠭ᠎ᠠ ᠪᠡᠯᠡ ᠲᠣᠬᠢᠷᠠᠭᠤᠯᠬᠤ ᠲᠥᠷᠥᠯ ᠤᠨ ᠲᠥᠷᠥᠯ ᠵᠦᠢᠯ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ  ᠵᠦᠢᠯ ᠤᠨ ᠬᠥᠮᠥᠷᠭᠡ ᠶᠢ ᠪᠤᠵᠠᠭᠠᠶᠢᠷᠠᠭᠤᠯᠤᠨ ᠪᠣᠳᠠᠲᠠᠶᠢᠵᠢᠭᠤᠯᠤᠨ ᠰᠢᠯᠢᠳᠡᠭᠵᠢᠭᠦᠯᠵᠦ᠂ ᠨᠠᠩ ᠣᠯᠠᠨ ᠲᠥᠷᠥᠯ ᠵᠦᠶ᠋ᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠮᠣ ᠫᠢᠯᠠ ᠪᠣᠯᠭᠠᠬᠤ ᠪᠠᠷ  ᠴᠢᠷᠮᠠᠶᠢᠨ᠎ᠠ᠃      ︵ᠭᠤᠷᠪᠠ︶ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠳᠦ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠵᠢᠷᠭᠤᠭᠠᠨ ᠶᠡᠭᠡ ᠰᠢᠰᠲ᠋ᠧᠮ︾ ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠨ᠎ᠡ᠃ ᠨᠢᠭᠡ ᠳᠤ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠎ᠡ᠃ ᠠᠷᠠᠳ ᠢ ᠪᠠᠶᠠᠵᠢᠭᠤᠯᠬᠤ ᠬᠥᠳᠡᠭᠡ ᠲᠣᠰᠬᠤᠨ ᠤ ᠠᠵᠤ ᠦᠶ᠋ᠯᠡᠰ ᠢ ᠶᠡᠬᠡᠪᠡᠷ ᠬᠡᠷᠡᠭᠵᠢᠭᠦᠯᠵᠦ᠂ ︽ᠨᠢᠭᠡ ᠰᠢᠶᠠᠩ ᠨᠢᠭᠡ ᠠᠵᠤ ᠦᠶ᠋ᠯᠡᠰ᠂ ᠨᠢᠭᠡ ᠲᠣᠰᠬᠤᠨ ᠨᠢᠭᠡ ᠲᠥᠷᠥᠯ ᠵᠦᠶ᠋ᠯ︾ ᠤᠨ ᠠᠵᠤ  ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽1+4︾ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠨᠠᠢᠳᠠᠪᠤᠷᠢᠵᠢᠭᠤᠯᠬᠤ᠂ ᠰᠢᠶᠣᠤ ᠳ᠋ᠦᠩ ᠾᠧ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠥᠷᠥᠯ  ᠵᠦᠢᠯ ᠢ ᠰᠠᠶᠢᠲᠤᠷ ᠬᠡᠷᠡᠭᠵᠢᠭᠦᠯᠦᠨ᠎ᠡ᠃ ᠪᠣᠷᠳᠣᠭᠤᠷ ᠣᠷᠣᠭᠤᠯᠬᠤ ᠶᠢ ᠬᠢᠵᠠᠭᠠᠷᠯᠠᠬᠤ᠂ ᠡᠮ ᠤᠤᠭᠤᠬᠤ ᠶᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠪᠦᠷᠬᠦᠭᠦᠯ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠣᠷᠭᠠᠨᠢᠭ ᠲᠠᠷᠢᠶᠠᠯᠠᠩ ᠤᠨ ᠲᠠᠷᠢᠮᠠᠯ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠬᠠᠷ᠎ᠠ ᠳᠠᠯᠳᠠᠤ᠂ ᠰᠢᠳ᠂ ᠱᠠ ᠭᠦᠸᠧ ᠵᠡᠷᠭᠡ ᠨᠡᠷᠡᠲᠦ ᠲᠡᠮᠳᠡᠭ ᠢ ᠴᠤᠤᠷᠢᠶᠠᠲᠤᠭᠤᠯᠵᠤ᠂ ᠢᠳᠡᠭᠡᠨ ᠤ ᠪᠠᠺᠲ᠋ᠧᠷᠢ᠂ ᠬᠢᠲᠠᠳ ᠡᠪᠡᠰᠦᠨ ᠡᠮ ᠵᠡᠷᠭᠡ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠠᠮᠤ ᠪᠤᠳᠠᠭᠠᠨ ᠤ  ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠲᠠᠷᠢᠬᠤ ᠶᠠᠪᠤᠳᠠᠯ ᠢ ᠲᠤᠰ ᠲᠤᠰ 200 ᠲᠦᠮᠡᠨ ᠮᠦ ᠪᠠ 90 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠭᠠᠭ᠋ᠠᠶ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠵᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠮᠠᠯ ᠤᠨ ᠲᠤᠭ᠎ᠠ ᠶᠢ 120 ᠲᠦᠮᠡᠨ ᠲᠣᠯᠣᠭᠠᠢ ᠠᠴᠠ ᠳᠡᠭᠡᠭᠰᠢ ᠲᠣᠭᠲᠠᠪᠤᠷᠢᠵᠢᠭᠤᠯᠪᠠ᠃ ᠲᠢᠶᠠᠨ ᠶᠢᠦ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠡᠭᠦᠯᠳᠡᠷ ᠤᠨ ᠭᠠᠭ᠋ᠠᠶ ᠦᠷᠡᠵᠢᠭᠦᠯᠦᠨ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠮᠧᠩ ᠳ᠋ᠦᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠤᠷᠪᠠᠳᠤᠭᠠᠷ ᠬᠤᠭᠤᠴᠠᠭ᠎ᠠ᠂ ᠰᠠᠢ ᠶᠢᠦ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠪᠠᠭ᠎ᠠ ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠤᠨ᠎ᠠ᠃ ᠪᠡᠶ᠎ᠡ ᠶᠢᠨ ᠲᠠᠮᠢᠷ ᠤᠨ ᠮᠣᠷᠢ᠂ ᠮᠣᠷᠢᠨ ᠪᠥᠮᠪᠦᠭᠡ ᠮᠣᠷᠢ ᠵᠡᠷᠭᠡ ᠳᠡᠭᠡᠳᠦ ᠲᠠᠰ ᠤᠨ ᠠᠳᠤᠭᠤᠨ ᠤ ᠠᠵᠤ ᠦᠶ᠋ᠯᠡᠰ ᠢ ᠢᠳᠡᠪᠬᠢᠲᠡᠶ ᠬᠥᠭᠵᠢᠭᠦᠯᠦᠨ᠎ᠡ᠃ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠬᠦᠯᠵᠦ᠂ ᠣᠷᠭᠠᠨᠢᠭ ᠪᠣᠬᠢᠷᠲᠤᠯ ᠥᠬᠡᠶ ᠢᠳᠡᠭᠡᠨ ᠤ ᠠᠵᠤ ᠠᠬᠤᠶᠢᠯᠠᠯ ᠤᠨ 100% ᠶᠢ ᠮᠥᠷᠳᠡᠨ ᠤᠬᠤᠴᠢᠯᠠᠬᠤ ᠲᠠᠪᠴᠠᠩ ᠤᠨ ᠬᠠᠮᠢᠶᠠᠷᠤᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠠᠭᠠᠷ ᠲᠠᠬᠢ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠭᠠᠷ ᠤᠨ ᠠᠶᠠᠯᠠᠯ ᠨᠡᠪᠲᠡᠷᠡᠬᠦ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ︽ᠨᠢᠭᠡ ᠰᠤᠷᠭᠠᠭᠤᠯᠢ ᠳᠥᠷᠪᠡᠨ ᠣᠷᠣᠨ︾ ᠤ ᠪᠦᠲᠦᠭᠡᠨ ᠪᠠᠶᠢᠭᠤᠯᠤᠯᠲᠠ ᠶᠢᠨ ᠲᠣᠬᠢᠶᠠᠯ ᠢ ᠠᠳᠬᠤᠵᠠᠶ᠃ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠶᠢᠨ ᠪᠠᠶᠢᠷᠢ ᠶᠢ ᠥᠭᠡᠷᠡᠴᠢᠯᠡᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠭᠠᠷ ᠤᠨ ᠠᠵᠤ  ᠦᠢᠯᠡᠰ ᠤᠨ ᠬᠦᠷᠢᠶᠡᠯᠡᠩ ᠤᠨ ᠨᠢᠰᠦᠯᠲᠡ ᠶᠢᠨ ᠬᠡᠰᠡᠭ ᠢ ᠳᠡᠭᠡᠭᠰᠢᠯᠡᠭᠦᠯᠬᠦ ᠲᠥᠷᠥᠯ  ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠢᠨᠠᠨ ᠲᠣᠭᠲᠠᠭᠠᠯᠲᠠ ᠶᠢ ᠪᠡᠶᠡᠯᠡᠭᠦᠯᠵᠦ᠂ ᠨᠢᠰᠦᠯᠲᠡ ᠶᠢᠨ ᠰᠤᠷᠭᠠᠭᠤᠯᠢᠯᠠᠯ᠂ ᠨᠢᠰᠬᠡᠯ ᠤᠨ ᠶᠠᠪᠤᠳᠠᠯ ᠤᠨ ᠰᠡᠯᠪᠢᠨ ᠵᠠᠰᠠᠯᠲᠠ᠂ ᠠᠭᠠᠷ ᠤᠨ ᠠᠶᠠᠯᠠᠯ ᠤᠨ ᠪᠠᠷᠠᠭᠠᠨ ᠤ  ᠭᠦᠢᠯᠭᠡᠭᠡ ᠵᠡᠷᠭᠡ ᠠᠵᠤ  ᠦᠢᠯᠡᠰ‌ᠢ ᠢᠳᠡᠪᠬᠢᠲᠡᠶ ᠪᠠᠷ ᠬᠥᠭᠵᠢᠭᠦᠯᠵᠦ᠂ ᠠᠭᠠᠷ ᠲᠠᠬᠢ ᠠᠵᠤ  ᠦᠢᠯᠡᠰ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠨᠢᠰᠬᠡᠭᠴᠢ ᠶᠢᠨ ᠲᠤᠰᠬᠠᠶ ᠬᠠᠷᠢᠶᠠᠯᠠᠭᠳᠠᠬᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠰᠲ᠋ᠧᠮ ᠤᠨ ᠣᠷᠣᠨ ᠤ ᠭᠠᠳᠠᠨᠠᠬᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠪᠡᠭᠡᠵᠢᠩ᠂ ᠲᠢᠶᠠᠨᠵᠢᠨ ᠵᠡᠷᠭᠡ ᠠᠭᠠᠷ ᠤᠨ ᠠᠶᠠᠯᠠᠯ ᠤᠨ ᠱᠤᠭᠤᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠ ᠲᠤᠯᠠᠵᠤ᠂ ᠴᠠᠢ ᠾᠧ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠭᠠᠵᠠᠷ ᠰᠣᠩᠭᠤᠬᠤ ᠮᠡᠳᠡᠭᠦᠯᠦᠯᠲᠡ ᠶᠢ ᠬᠢᠨᠠᠨ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠨ᠎ᠡ᠃ ᠭᠤᠷᠪᠠ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠢ ᠪᠤᠵᠠᠭᠠᠶᠢᠷᠠᠭᠤᠯᠤᠨ᠎ᠠ᠃ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠣᠢ ᠰᠢᠭᠤᠶ ᠶᠢᠨ ᠪᠦᠲᠦᠭᠡᠭᠳᠡᠬᠦᠨ ᠤ ᠲᠣᠤᠷᠵᠢᠭᠤᠯᠤᠭᠰᠠᠨ ᠪᠠᠷᠠᠭ᠎ᠠ ᠶᠢ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ ᠬᠦᠷᠢᠶᠡᠯᠡᠩ ᠲᠣᠭᠤᠷᠢᠭ᠂ ᡁᠢ ᠬᠤᠢ ᠰᠦᠯᠵᠢᠶᠡᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠶ᠋ᠯ ᠢ ᠰᠦᠪᠡᠭᠴᠢᠯᠡᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭ᠎ᠠ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠰᠢᠭᠤᠳ ᠨᠡᠪᠲᠡᠷᠡᠭᠦᠯᠭᠡ + ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ︾ ᠰᠢᠨ᠎ᠡ ᠵᠠᠭᠪᠤᠷ ᠢ ᠰᠦᠪᠡᠭᠴᠢᠯᠡᠵᠦ᠂ ︽ᠭᠠᠵᠠᠷ ᠬᠥᠷᠥᠩᠭᠡ ᠶᠢᠨ ᠢᠳᠡᠰᠢᠨ ᠨᠣᠭᠤᠭ᠎ᠠ ᠶᠢ ᠬᠤᠲᠠ ᠳᠤ ᠣᠷᠣᠭᠤᠯᠬᠤ︾ ᠰᠢᠰᠲ᠋ᠧᠮ ᠢ ᠪᠠᠶᠢᠭᠤᠯᠵᠤ᠂ ᠵᠠᠯᠠᠨ ᠠᠶᠢᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠵᠢᠯᠯᠠᠭ᠎ᠠ ᠥᠷᠨᠢᠭᠦᠯᠵᠡᠶ᠃ ︽E ᠲᠠᠷᠢᠶᠠᠯᠠᠩ ᠤᠨ ᠬᠡᠯᠬᠢᠶ᠎ᠡ ᠬᠡᠲᠦ ᠳᠡᠯᠭᠡᠭᠦᠷ︾ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠥᠳᠡᠭᠡ ᠲᠣᠰᠬᠤᠨ ᠤ ᠪᠠᠷᠢᠮᠵᠢᠶᠠᠵᠢᠭᠰᠠᠨ ᠡᠯᠧᠺᠲᠷᠣᠨ ᠬᠤᠳᠠᠯᠳᠤᠭᠠᠨ ᠤ ᠬᠡᠲᠦ ᠳᠡᠯᠭᠡᠭᠦᠷ ᠢ 25 ᠪᠠᠶᠢᠭᠤᠯᠵᠤ᠂ ᠾᠧᠰᠢ ᠲᠣᠮᠣ ᠬᠡᠯᠪᠡᠷᠢ ᠶᠢᠨ ︽ᠲᠦᠭᠦᠬᠡᠶ ᠰᠢᠨ᠎ᠡ ᠰᠣᠷᠭᠤᠭ ᠡᠯᠧᠺᠲᠷᠣᠨ ᠬᠤᠳᠠᠯᠳᠤᠭ᠎ᠠ︾ ᠶᠢᠨ ᠬᠡᠲᠦ ᠳᠡᠯᠭᠡᠭᠦᠷ ᠢ ᠪᠠᠶᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠠᠮᠲᠤᠷᠠᠯᠴᠠᠭᠠᠨ ᠤ ᠬᠤᠯᠪᠣᠭ᠎ᠠ ᠶᠢ ᠪᠠᠶᠢᠭᠤᠯᠵᠤ᠂ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠲᠤᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠶᠡᠬᠡᠪᠡᠷ ᠠᠬᠢᠭᠤᠯᠵᠤ᠂ ᠡᠯᠧᠺᠲᠷᠣᠨ ᠬᠤᠳᠠᠯᠳᠤᠭᠠᠨ ᠤ ︽ᠲᠠᠰ ᠳᠡᠪᠰᠢᠭᠰᠡᠨ ᠬᠡᠪᠯᠡᠯ︾ ᠢ ᠪᠣᠶ ᠪᠣᠯᠭᠠᠨ᠎ᠠ᠃ ᠳᠥᠷᠪᠡ ᠳᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮ ᠢ ᠰᠠᠶᠢᠲᠤᠷ ᠬᠢᠨ᠎ᠡ᠃ ᠪᠥᠬᠦ ᠣᠷᠣᠨ ᠪᠦᠰᠡ ᠶᠢᠨ ᠵᠢᠭᠤᠯᠴᠢᠯᠠᠯ᠂ ᠬᠤᠶᠠᠷ ᠲᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠴᠠᠢ ᠾᠧ ᠵᠡᠷᠭᠡ ᠦᠵᠡᠮᠵᠢ ᠶᠢᠨ ᠣᠷᠣᠨ ᠤ ᠵᠠᠮ᠂ ᠵᠢᠭᠤᠯᠴᠢᠯᠠᠯ ᠤᠨ ᠵᠣᠷᠯᠣᠩ ᠵᠡᠷᠭᠡ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠩ ᠰᠢᠨ ᠲᠢᠶᠠᠨ ᡂᠢ ᠨᠠᠭᠤᠷ ᠢ ᠶᠡᠷᠦᠩᠬᠡᠶᠢᠯᠡᠨ ᠵᠠᠰᠠᠬᠤ ᠪᠠ ᠴᠠᠢ ᠾᠧ ᠭᠤᠣᠯ ᠤᠨ ᠣᠨᠴᠠᠯᠢᠭᠲᠤ ᠵᠢᠵᠢᠭ ᠪᠠᠯᠭᠠᠰᠤᠨ ᠤ ᠤᠰᠤ ᠬᠠᠩᠭᠠᠬᠤ ᠢᠯᠴᠢ ᠬᠠᠩᠭᠠᠬᠤ᠂ ᠬᠤᠭ ᠨᠣᠪᠰᠢ ᠰᠢᠢᠳᠪᠦᠷᠢᠯᠡᠬᠦ ᠵᠡᠷᠭᠡ ᠲᠥᠷᠦᠯ ᠵᠦᠢᠯ ᠢ ᠬᠡᠷᠡᠭᠵᠢᠭᠦᠯᠵᠦ᠂ ᠷᠠᠰᠢᠶᠠᠨ ᠯᠤᠭ᠎ᠠ ᠶᠢᠨ ᠵᠤᠭᠠᠴᠠᠯ ᠤᠨ ᠬᠠᠮᠲᠤᠷᠠᠯᠴᠠᠭ᠎ᠠ ᠶᠢ ᠰᠠᠢᠲᠤᠷ ᠠᠳᠬᠤᠨ᠎ᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠪᠠᠷ ᠶᠢᠨ ᠯᠦᠩ ᠱᠠᠨ ᠤ ᠰᠡᠯᠡᠭᠦᠴᠡᠯ ᠵᠢᠭᠤᠯᠴᠢᠯᠠᠯ ᠤᠨ ᠣᠷᠣᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠦ ᠱᠦᠶ ᠨᠤᠭᠤ ᠭᠠᠵᠠᠷ ᠤᠨ ᠴᠡᠴᠡᠷᠯᠢᠭ ᠤᠨ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳ᠋ᠢᠶᠣᠣ ᠴᠢᠶᠣ ᠬᠥᠭᠦᠷᠭᠡ ᠶᠢᠨ ᠴᠡᠴᠡᠷᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠩ ᠴᠢ ᠱᠠᠨ ᠤᠰᠤᠨ ᠴᠥᠭᠦᠷᠥᠮ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠬᠦᠴᠦᠯᠡᠨ ᠪᠠᠶᠢᠭᠤᠯᠤᠨ᠎ᠠ᠃ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠤᠭᠠᠴᠠᠯ ᠤᠨ ᠦᠢᠯᠡᠴᠢᠯᠡᠭᠡᠨ ᠤ ᠤᠶᠤᠨᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ᠤᠯᠠᠭᠠᠨᠬᠤᠳᠡ -- ᠷᠠᠷᠰᠢᠶᠠᠨ -- ᠬᠠᠶᠢᠯᠠᠷ -- ᠮᠠᠨᠵᠤᠤᠷ -- ᠵᠠᠯᠠᠨ ᠠᠶᠢᠯ︾ ᠤᠨ ᠵᠤᠭᠠᠴᠠᠯ ᠤᠨ ᠨᠢᠭᠡ ᠴᠣᠭᠴᠠᠵᠢᠭᠰᠠᠨ ᠬᠥᠭᠵᠢᠯᠲᠡ ᠳᠤ ᠢᠳᠡᠪᠬᠢᠲᠡᠢ ᠠᠭᠤᠰᠤᠯᠴᠠᠨ᠎ᠠ᠃ ᠲᠠᠪᠤ ᠳᠤ ᠣᠷᠴᠢᠯ ᠠᠵᠤ  ᠦᠢᠯᠡᠳᠪᠦᠷᠢ ᠶᠢᠨ ᠰᠢᠰᠲ᠋ᠧᠮ ᠢ ᠬᠦᠴᠦᠷᠬᠡᠭᠵᠢᠭᠦᠯᠦᠨ᠎ᠡ᠃ ᠹᠦ᠋ ᠹᠧᠩ ᠺᠣᠮᠫᠠᠨᠢ ᠶᠢᠨ 50 ᠲᠦᠮᠡᠨ ᠲᠣᠨ ᠰᠢᠪᠲᠦᠷᠲᠦ ᠬᠦᠴᠢᠯ ᠵᠢᠴᠢ ᠲᠡᠭᠦᠨ ᠤ ᠳᠠᠭᠠᠯᠲᠠ ᠢᠵᠢ ᠪᠦᠷᠢᠳᠦᠭᠦᠯᠬᠦ᠂ ᠹᠦ᠋ ᠹᠧᠩ ᠺᠣᠮᠫᠠᠨᠢ ᠶᠢᠨ 30 ᠰᠠᠶ᠎ᠠ ᠸᠠᠲ ᠠᠮᠢᠳᠤ ᠪᠣᠳᠠᠰ ᠤᠨ ᠪᠣᠳᠠᠰ ᠤᠨ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠸᠦᠤᠤ ᠹᠧᠩ ᠺᠣᠮᠫᠠᠨᠢ ᠶᠢᠨ ᠠᠮᠢ ᠠᠬᠤᠢ ᠶᠢᠨ ᠪᠣᠷᠳᠣᠭᠤᠷ ᠤᠨ ᠰᠢᠩᠭᠡᠨ ᠪᠡᠶᠡᠲᠦ ᠪᠣᠷᠳᠣᠭᠤᠷ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃ ᠭᠦᠸᠧ ᠰᠧᠨ ᠠᠭᠤᠷᠬᠠᠢ ᠶᠢᠨ ᠦᠢᠯᠡᠰ ᠤᠨ ᠢᠰᠦᠯᠳᠦᠭᠰᠡᠨ ᠬᠦᠳᠡᠷ᠂ ᠰᠦᠩ ᠯᠦ ᠡᠮ ᠬᠢᠵᠦ ᠪᠢᠯᠢᠭ ᠢ ᠲᠡᠵᠢᠭᠡᠬᠦ ᠠᠭᠤᠰᠬᠢ ᠶᠢᠨ ᠤᠤᠭᠤᠬᠤ ᠰᠢᠩᠭᠡᠨ ᠡᠮ ᠤᠨ ᠰᠢᠨ᠎ᠡ ᠶᠢ ᠡᠭᠦᠳᠬᠦ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠡᠷᠡᠬᠦ ᠦᠭᠡᠶ ᠪᠥᠰ᠂ ᠠᠭᠤᠰᠤᠮᠠᠯ ᠪᠥᠰ᠂ ᠡᠮᠨᠡᠯᠭᠡ ᠳᠤ ᠬᠡᠷᠡᠭᠯᠡᠬᠦ ᠠᠮᠠᠪᠴᠢ᠂ ᠠᠷᠢᠭᠤᠳᠬᠠᠭᠰᠠᠨ ᠰᠫᠢᠷᠲ ᠵᠡᠷᠭᠡ  ᠦᠢᠯᠡᠳᠪᠦᠷᠢᠯᠡᠯ ᠤᠨ ᠱᠤᠭᠤᠮ ᠤᠨ  ᠦᠢᠯᠡᠳᠪᠦᠷᠢᠯᠡᠯ ᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠵᠠᠮ᠂ ᠤᠰᠤ ᠬᠠᠩᠭᠠᠬᠤ᠂ ᠦᠶᠡᠷ ᠢ ᠰᠡᠷᠭᠡᠶᠢᠯᠡᠬᠦ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠰ ᠤᠨ ᠠᠴᠢᠶᠠᠯᠠᠪᠤᠷᠢ ᠶᠢᠨ ᠲᠠᠪᠴᠠᠩ ᠢ ᠪᠣᠳᠠᠲᠠᠶᠢᠵᠢᠭᠤᠯᠵᠤ᠂ ᠬᠦᠷᠢᠶᠡᠯᠡᠩ ᠲᠣᠭᠤᠷᠢᠭ ᠶᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠵᠢᠷᠭᠤᠭ᠎ᠠ ᠳᠤ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ᠰᠢᠰᠲ᠋ᠧᠮ ᠢ ᠨᠠᠷᠢᠯᠢᠭᠵᠢᠭᠤᠯᠤᠨ᠎ᠠ᠃ ᠪᠦᠬᠦ ᠤᠯᠤᠰ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠠᠭᠤᠴᠢᠨ ᠬᠤᠲᠠ ᠶᠢᠨ ᠥᠭᠡᠷᠴᠢᠯᠡᠯᠳᠡ ᠶᠢ ᠵᠡᠷᠭᠡ ᠪᠠᠷ ᠶᠠᠪᠤᠭᠤᠯᠵᠤ᠂ ︽ᠬᠤᠲᠠ ᠶᠢ ᠴᠣᠭᠴᠠᠯᠠᠨ ᠪᠠᠶᠢᠭᠤᠯᠬᠤ ᠬᠤᠷᠠᠯ ᠢ ᠤᠭᠲᠤᠬᠤ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 50 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠶᠠᠯᠦ ᠵᠡᠭᠡᠯᠢ᠂ ᠥᠷᠲᠡᠭᠡᠨ ᠤ ᠡᠮᠦᠨᠡᠬᠢ ᠵᠡᠭᠡᠯᠢ ᠵᠡᠷᠭᠡ 21 ᠵᠠᠮ ᠢ ᠥᠭᠡᠷᠡᠴᠢᠯᠡᠨ᠎ᠡ᠃ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠵᠠᠮ᠂ ᠤᠰᠤ ᠬᠠᠩᠭᠠᠬᠤ᠂ ᠢᠯᠴᠢ ᠬᠠᠩᠭᠠᠬᠤ ᠵᠡᠷᠭᠡ ᠢᠵᠢ ᠪᠦᠷᠢᠳᠦᠭᠰᠡᠨ ᠢᠨᠵᠧᠨᠧᠷᠢᠩ ᠢ ᠡᠬᠢᠯᠡᠭᠦᠯᠵᠦ᠂ ᠢᠯᠴᠢ ᠴᠠᠬᠢᠯᠭᠠᠨ ᠤ ᠦᠶ᠋ᠯᠡᠳᠪᠦᠷᠢ ᠶᠢᠨ ᠢᠯᠴᠢ ᠬᠠᠩᠭᠠᠬᠤ ᠪᠠᠭᠲᠠᠭᠠᠮᠵᠢ ᠶᠢ ᠳᠡᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠵᠢᠵᠢᠭ ᠲᠣᠭᠤᠷᠢᠭ ᠤᠨ ᠤᠰᠤ ᠵᠠᠯᠠᠬᠤ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠤᠷ ᠵᠡᠷᠭᠡ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠰᠦᠯᠵᠢᠶᠡᠨ ᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠤᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ᠂ ᠨᠡᠶᠢᠭᠡᠮ ᠲᠣᠭᠤᠷᠢᠭ ᠤᠨ  ᠦᠢᠯᠡᠴᠢᠯᠡᠭᠡ ᠵᠡᠷᠭᠡ ᠳᠤᠲᠠᠭᠤᠳᠠᠯ ᠢ ᠲᠦᠷᠭᠡ ᠲᠬᠡᠨ ᠨᠥᠬᠦᠪᠥᠷᠢᠯᠡᠨ᠎ᠡ᠃ ᠬᠤᠲᠠ ᠶᠢᠨ ᠦᠵᠡᠮᠵᠢ ᠣᠷᠴᠢᠨ ᠲᠣᠭᠤᠷᠢᠨ ᠤ ᠲᠤᠰᠬᠠᠢ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠢᠳᠡᠪᠬᠢᠲᠡᠢ ᠬᠡᠷᠡᠭᠵᠢᠭᠦᠯᠦᠨ᠎ᠡ᠃ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠶ ᠬᠤᠲᠠ ᠶᠢᠨ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ︽ᠭᠡᠭᠡᠨ ᠰᠠᠷᠠᠭᠤᠯ ᠢᠨᠵᠧᠨᠧᠷᠢᠩ︾ ᠵᠡᠷᠭᠡ ᠰᠢᠰᠲ᠋ᠧᠮ ᠤᠨ ᠠᠭᠤᠰᠤᠯᠴᠠᠯ ᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯ ᠤᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠳ᠋ᠠ ᠰᠢᠩ ᠲᠣᠰᠬᠤᠨ᠂ ᠮᠠᠨᠳᠤ ᠲᠣᠰᠬᠤᠨ ᠤ ᠲᠤᠷᠰᠢᠯᠲᠠ ᠶᠢᠨ ᠴᠢᠭ ᠤᠨ ᠲᠤᠷᠰᠢᠯᠭ᠎ᠠ ᠶᠢ ᠳᠡᠯᠭᠡᠷᠡᠭᠦᠯᠵᠦ᠂ ᠭᠤᠤᠯᠳᠠᠯᠭ᠎ᠠ ᠲᠠᠢ ᠪᠠᠯᠭᠠᠰᠤ᠂ ᠣᠨᠴᠠᠯᠢᠭᠲᠤ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠲᠣᠰᠬᠤᠨ ᠤ ᠳᠦᠷᠢ ᠲᠥᠷᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠶᠢ ᠰᠠᠶᠢᠲᠤᠷ ᠠᠳᠬᠤᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠦᠬᠦ᠋ᠢᠯᠡ ᠰᠢᠶᠠᠨ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠵᠣᠷᠯᠣᠩ ᠤᠨ ᠬᠤᠪᠢᠰᠬᠠᠯ︾ ᠢ ᠢᠳᠡᠪᠬᠢᠲᠡᠢ ᠠᠬᠢᠭᠤᠯᠵᠤ᠂ 9500 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ ᠶᠢᠨ 40% ᠠᠴᠠ ᠳᠡᠭᠡᠭᠰᠢ ᠳᠤ ᠬᠦᠷᠭᠡᠬᠦ ᠶᠢ ᠪᠠᠲᠤᠯᠠᠵᠤ᠂ 90% ᠠᠴᠠ ᠳᠡᠭᠡᠭᠰᠢᠬᠢ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃      ︵ᠳᠥᠷᠪᠡᠨ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠪᠠᠶᠢᠬᠤ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠮᠤᠭ ᠤᠨ ᠰᠠᠶᠢᠨ ᠳᠡᠪᠢᠰᠬᠡᠷ ᠦᠩᠭᠡ ᠪᠣᠯᠭᠠᠨ᠎ᠠ᠃ ᠨᠢᠭᠡ ᠳᠤ ᠲᠦᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠯᠲᠠ ᠡᠵᠡᠮᠳᠡᠯ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠤᠯᠤᠰ ᠠᠴᠠ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠣᠷᠴᠢᠨ ᠲᠣᠭᠤᠷᠢᠨ ᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠶᠢᠭᠠᠯᠢ ᠶᠢᠨ ᠣᠶ ᠶᠢᠨ ᠲᠠᠸᠠᠷ ᠤᠨ ᠴᠢᠨᠠᠷᠲᠠᠶ ᠣᠭᠲᠣᠯᠬᠤ ᠶᠢ ᠵᠣᠭᠰᠣᠭᠠᠬᠤ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠰᠢᠯᠵᠢᠭᠦᠯᠦᠨ ᠥᠭᠬᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠵᠡᠷᠭᠡ ᠳᠦᠷᠢᠮ ᠢ ᠭᠦᠨᠵᠡᠭᠡᠶ ᠲᠤᠭᠤᠰᠢᠯᠠᠭᠤᠯᠵᠠᠶ᠂ ᠪᠦᠬᠦ ᠤᠯᠤᠰ᠂ ᠪᠦᠬᠦ ᠣᠷᠣᠨ ᠤ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠢᠳᠡᠪᠬᠢᠲᠡᠶ ᠪᠠᠷ ᠠᠭᠤᠰᠤᠯᠴᠠᠨ᠎ᠠ᠃ ᠨᠡᠷᠡᠲᠦ ᠦᠵᠡᠮᠵᠢ ᠶᠢᠨ ᠣᠷᠣᠨ᠂ ᠭᠠᠵᠠᠷ ᠰᠢᠨᠵᠢᠯᠡᠭᠡᠨ ᠤ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠢ ᠨᠡᠶᠢᠯᠡᠭᠦᠯᠦᠨ ᠰᠢᠯᠢᠳᠡᠭᠵᠢᠭᠦᠯᠬᠦ ᠲᠥᠯᠥᠪᠵᠢᠭᠦᠯᠭᠡ ᠶᠢ ᠡᠬᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠪᠡᠶᠡᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠨᠢᠭᠡᠳᠦᠯᠲᠡᠶ ᠲᠥᠷᠥᠯ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠪᠠ ᠣᠶ ᠰᠢᠭᠤᠶ ᠶᠢ ᠬᠠᠮᠢᠶᠠᠷᠤᠨ ᠬᠠᠮᠠᠭᠠᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠬᠢᠷᠠᠯ ᠠᠮᠰᠠᠭᠰᠠᠨ ᠨᠣᠷᠮ᠎ᠠ ᠶᠢᠨ ᠲᠣᠰ ᠲᠣᠰ 1‰ ᠪᠠ 3‰ ᠠᠴᠠ ᠳᠣᠤᠷ᠎ᠠ ᠪᠠᠶᠢᠯᠭᠠᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ ᠂ ᠭᠤᠤᠯ ᠮᠥᠷᠡᠨ ᠨᠠᠭᠤᠷ ᠴᠥᠭᠦᠷᠥᠮ ᠢ ᠴᠠᠭᠳᠠᠬᠤ ᠬᠡᠪ ᠤᠨ ᠪᠠᠶᠢᠳᠠᠯ ᠢ ᠪᠡᠶᠡᠯᠡᠭᠦᠯᠦᠨ᠎ᠡ᠃ ᠰᠢᠤ ᠱᠦᠶ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠭᠤᠷᠪᠠ ᠳᠤ ᠪᠣᠯᠪᠠᠰᠤᠨ ᠤ ᠪᠤᠶᠢᠵᠢᠯᠲᠠ ᠶᠢ ᠴᠢᠩᠭᠠᠳᠬᠠᠨ᠎ᠠ᠃ ︽ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ︾ ᠶᠢᠨ ᠲᠣᠭᠤᠷᠢᠨ ᠳᠤ᠂ ᠠᠮᠢ ᠠᠬᠤᠢ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ᠃ ᠡᠨᠧᠷᠭᠢ ᠠᠷᠪᠢᠯᠠᠬᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠠᠷᠢᠭᠤᠨ ᠴᠡᠪᠡᠷ ᠦᠶ᠋ᠯᠡᠳᠪᠦᠷᠢᠯᠡᠯ ᠢ ᠶᠠᠪᠤᠭᠤᠯᠬᠤ ᠬᠡᠷᠡᠭᠲᠡᠶ᠃ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠴᠠᠬᠢᠯᠭᠠᠨ ᠲᠦᠭᠡᠭᠡᠬᠦ᠂ ᠭᠡᠷᠡᠯᠲᠦᠭᠦᠯᠭᠡ ᠵᠡᠷᠭᠡ ᠰᠢᠰᠲ᠋ᠧᠮ ᠤᠨ ᠡᠨᠧᠷᠭᠢ ᠠᠷᠪᠢᠯᠠᠬᠤ ᠪᠠᠷ ᠭᠤᠤᠯᠳᠠᠯᠭ᠎ᠠ ᠪᠣᠯᠭᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠨᠡᠶᠢᠲᠡ ᠶᠢᠨ ᠮᠠᠰᠢᠨ ᠲᠡᠷᠭᠡ ᠲᠡᠭᠰᠢᠷᠡᠭᠰᠡᠨ ᠰᠢᠪᠲᠤᠯᠤᠯᠲᠠ ᠶᠢ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠬᠤᠲᠠ ᠶᠢᠨ ᠠᠷᠠᠳ ᠤᠨ ᠬᠡᠪ ᠴᠢᠨᠠᠷ ᠢ ᠬᠥᠮᠦᠵᠢᠭᠦᠯᠬᠦ ᠬᠥᠮᠦᠵᠢᠯ ᠢ ᠴᠢᠩᠭᠠᠳᠬᠠᠵᠤ᠂ ᠪᠣᠬᠢᠷᠲᠤᠯ ᠦᠭᠡᠢ ᠶᠠᠪᠤᠵᠤ ᠰᠠᠭᠤᠬᠤ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠣᠷᠣᠨ ᠰᠠᠭᠤᠴᠠ ᠶᠢ ᠶᠡᠬᠡᠪᠡᠷ ᠰᠠᠨᠠᠭᠠᠴᠢᠯᠠᠵᠤ᠂ ᠡᠷᠡᠭᠦᠯ ᠪᠣᠯᠪᠠᠰᠤᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠶᠢᠭᠡᠮ ᠤᠨ ᠰᠢᠨ᠎ᠡ ᠬᠡᠪ ᠰᠤᠷᠲᠠᠯ ᠢ ᠲᠦᠷᠭᠡᠪᠴᠢᠯᠡᠨ ᠪᠤᠢ ᠪᠣᠯᠭᠠᠨ᠎ᠠ᠃        ︵ᠲᠠᠪᠤ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠬᠦᠴᠦᠯᠡᠨ ᠴᠢᠩᠭᠠᠷᠠᠭᠤᠯᠤᠨ᠎ᠠ᠃ ᠨᠢᠭᠡ ᠳᠤ᠂ ᠣᠷᠴᠢᠨ ᠲᠣᠭᠤᠷᠢᠨ ᠤ ᠰᠢᠯᠢᠳᠡᠭᠵᠢᠯᠲᠡ ᠶᠢ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠢ ᠬᠢᠨᠠᠮᠠᠭᠠᠶ ᠲᠤᠭᠤᠰᠢᠯᠠᠭᠤᠯᠵᠤ᠂ ︽ᠪᠠᠭᠤᠯᠭᠠᠬᠤ ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠎ᠠ᠃ ᠪᠦᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶ᠋ᠴᠡᠳᠬᠡᠬᠦ ᠳᠤ ᠲᠦᠭᠵᠢᠷᠡᠬᠦ ᠠᠰᠠᠭᠤᠳᠠᠯ ᠢ ᠬᠦᠴᠦᠯᠡᠨ  ᠰᠢᠢᠳᠪᠦᠷᠢᠯᠡᠵᠦ᠂ ︽ᠨᠢᠭᠡ ᠰᠦᠯᠵᠢᠶ᠎ᠡ ᠨᠢᠭᠡ ᠡᠬᠦᠳᠡ ᠨᠢᠭᠡ ᠤᠳᠠᠭ᠎ᠠ︾ ᠥᠭᠡᠷᠡᠴᠢᠯᠡᠯᠲᠡ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠳᠤ ᠬᠤᠯᠪᠣᠭᠳᠠᠬᠤ ᠪᠠᠶᠢᠴᠠᠭᠠᠯᠲᠠ ᠶᠢᠨ  ᠵᠦᠢᠯᠡᠰ ᠢ ᠪᠦᠬᠦᠨ ᠢ ᠬᠠᠮᠤᠷᠬᠤ ᠶᠢ ᠠᠬᠢᠭᠤᠯᠤᠨ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢᠶᠠᠷ ᠵᠠᠬ᠎ᠠ ᠶᠢ ᠬᠦᠴᠦᠷᠬᠡᠭᠵᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠬᠡᠪᠴᠢᠶᠡᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠠᠢ ᠴᠢᠳᠠᠪᠤᠷᠢᠲᠠᠨ ᠤ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠲᠣᠯᠣᠭᠠᠶᠢᠯᠠᠭᠴᠢ ᠠᠵᠤ ᠠᠬᠤᠶᠢᠯᠠᠯ ᠤᠨ ᠴᠢᠳᠠᠪᠤᠷᠢᠲᠠᠨ ᠴᠤᠭᠯᠠᠭᠤᠯᠬᠤ ᠦᠢᠯᠡᠳᠦᠯ ᠢ ᠪᠠᠳᠠᠷᠠᠭᠤᠯᠵᠤ᠂ ᠹᠦ᠋ ᠹᠧᠩ ᠠᠮᠢᠳᠤ ᠪᠣᠳᠠᠰ᠂ ᠮᠧᠩ ᠳ᠋ᠦᠩ ᠠᠯᠠᠰᠢᠨ ᠦᠬᠡᠷ ᠵᠡᠷᠭᠡ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠨᠤᠭ ᠲᠥᠬᠦᠭᠡᠷᠦᠮᠵᠢ ᠶᠢᠨ ᠳᠡᠰ ᠳᠡᠪᠰᠢᠬᠦ᠂ ᠦᠶ᠋ᠯᠡᠳᠬᠦᠨ ᠢ ᠨᠡᠭᠡᠭᠡᠨ ᠬᠥᠭᠵᠢᠭᠦᠯᠬᠦ ᠪᠠ ᠵᠠᠭᠪᠤᠷ ᠤᠨ ᠰᠢᠨ᠎ᠡ ᠶᠢ ᠡᠭᠦᠳᠬᠦ ᠶᠢ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠳᠠᠮᠵᠢᠨ᠎ᠠ᠃ ᠭᠤᠷᠪᠠ ᠳᠤ ᠨᠡᠭᠡᠭᠡᠯᠲᠡ ᠬᠢᠵᠦ ᠬᠠᠮᠲᠤᠷᠠᠯᠴᠠᠬᠤ ᠶᠢ ᠠᠬᠢᠭᠤᠯᠤᠨ᠎ᠠ᠃ ᠤᠯᠤᠰ ᠠᠴᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠥᠯᠥᠨ ᠪᠦᠷ ᠤᠨ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠥᠲᠦᠭᠡᠨ ᠪᠠᠶᠢᠭᠤᠯᠤᠯᠳᠠ ᠵᠡᠷᠭᠡ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠬᠥᠭᠵᠢᠭᠰᠡᠨ ᠭᠠᠵᠠᠷ ᠣᠷᠣᠨ ᠯᠤᠭ᠎ᠠ ᠵᠣᠯᠭᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠠᠭᠠᠷ ᠤᠨ ᠠᠵᠤ ᠦᠢᠯᠡᠰ ᠤᠨ ᠰᠢᠰᠲ᠋ᠧᠮᠵᠢ ᠳᠤ ᠲᠦᠰᠢᠭᠯᠡᠨ᠂ ᠰᠢᠨ᠎ᠡ ᠮᠡᠷᠭᠡᠵᠢᠯ᠂ ᠰᠢᠨ᠎ᠡ ᠠᠵᠤ  ᠦᠢᠯᠡᠰ ᠢ ᠣᠷᠣᠭᠤᠯᠵᠤ ᠢᠷᠡᠬᠦ ᠬᠡᠷᠡᠭᠲᠡᠶ᠃ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠤᠷᠤᠰ ᠤᠨ ᠠᠵᠤ ᠦᠢᠯᠡᠰ᠂ ᠠᠷᠠᠯᠵᠢᠶ᠎ᠠ ᠬᠤᠳᠠᠯᠳᠤᠭ᠎ᠠ᠂ ᠬᠥᠳᠡᠯᠮᠦᠷᠢ ᠦᠢᠯᠡᠴᠢᠯᠡᠭᠡ ᠵᠡᠷᠭᠡ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠵᠢᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠬᠦᠷ ᠢ ᠢᠳᠡᠪᠬᠢᠲᠡᠢ ᠨᠡᠭᠡᠭᠡᠨ᠎ᠡ᠃ ᠰᠤᠨ ᠪᠦᠦ ᠺᠣᠮᠫᠠᠨᠢ᠂ ᠰᠢᠨ ᠦ᠋ ᠺᠣᠮᠫᠠᠨᠢ ᠶᠢᠨ ᠢᠳᠡᠰᠢᠨ ᠤ ᠮᠥᠭᠦ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃     ︵ᠵᠢᠷᠭᠤᠭ᠎ᠠ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠨ᠎ᠡ᠃ ᠨᠢᠭᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠩ ᠲᠡᠷᠢᠭᠦᠨ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠪᠣᠯᠪᠠᠰᠤᠷᠠᠭᠤᠯᠤᠯ ᠤᠨ ᠲᠠᠪᠴᠠᠩ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠵᠤ ᠠᠳᠠᠯ  ᠦᠢᠯᠡᠰ ᠴᠣᠭᠴᠠᠯᠠᠬᠤ ᠦᠶ᠋ᠯᠡ ᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠠᠪᠤᠷᠠᠨ ᠲᠤᠰᠠᠯᠠᠬᠤ ᠬᠦᠴᠦᠨ ᠢ ᠦᠨᠡᠨᠬᠦ ᠴᠢᠩᠭᠠᠳᠬᠠᠵᠤ ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠦᠨᠳᠦᠰᠦᠨ ᠱᠠᠲᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠶ ᠶᠢᠨ ᠣᠷᠣᠯᠭ᠎ᠠ ᠶᠢ ᠬᠠᠷᠢᠴᠠᠭᠤᠯᠬᠤ ᠲᠠᠪᠴᠠᠩ ᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠲᠥᠷᠥᠯ ᠵᠦᠶ᠋ᠯ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ  ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠶᠠᠷ ᠲᠤ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠢᠨ᠎ᠡ ᠲᠣᠭᠤᠷᠢᠭ ᠤᠨ ᠬᠠᠭᠤᠴᠢᠨ ᠰᠠᠭᠤᠷᠢᠨ ᠭᠠᠵᠠᠷ ᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠵᠦ᠂ ᠾᠧ ᠰᠢ ᠬᠡᠤᠬᠡᠳ ᠤᠨ ᠴᠡᠴᠡᠷᠯᠢᠭ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠬᠤᠪᠢᠶᠠᠷᠢ ᠴᠡᠴᠡᠷᠯᠢᠭ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠭᠤᠮᠲᠠ ᠰᠢᠪᠲᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠥᠨᠳᠥᠷ ᠵᠡᠷᠭᠡ ᠶᠢᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠡᠭᠡᠭᠰᠢᠯᠡᠭᠦᠯ᠊ ᠦᠡ᠃ ᠬᠤᠶᠠᠳᠤᠭᠠᠷ ᠳᠤᠮᠳᠠᠳᠤ ᠰᠤᠷᠭᠠᠭᠤᠯᠢ ᠶᠢ ᠨᠡᠭᠦᠯᠭᠡᠬᠦ ᠶᠢ ᠪᠡᠶᠡᠯᠡᠭᠦᠯᠵᠦ ᠂ ᠠᠵᠢᠯ ᠮᠡᠷᠭᠡᠵᠢᠯ ᠤᠨ ᠥᠨᠳᠥᠷ ᠳᠤᠮᠳᠠ ᠲᠤ ᠰᠤᠷᠭᠠᠭᠤᠯᠢ ᠶᠢᠨ ᠭᠠᠵᠠᠷ ᠰᠣᠩᠭᠤᠬᠤ᠂ ᠰᠢᠨ᠎ᠡ ᠪᠠᠷ ᠪᠠᠶᠢᠭᠤᠯᠬᠤ ᠠᠵᠢᠯ ᠢ ᠲᠦᠷᠭᠡᠳᠬᠡᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ  ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠤᠨ᠎ᠠ᠃ ᠡᠮᠴᠢᠯᠡᠭᠡ ᠪᠠ ᠰᠤᠷᠭᠠᠨ ᠬᠥᠮᠦᠵᠢᠯ ᠢ ᠤᠶᠠᠯᠳᠤᠭᠤᠯᠤᠭᠰᠠᠨ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠣᠨᠴᠣᠭᠤᠶ ᠰᠤᠷᠭᠠᠨ ᠬᠥᠮᠦᠵᠢᠯ ᠤᠨ ᠵᠠᠭᠪᠤᠷ ᠢ ᠰᠦᠪᠡᠭᠴᠢᠯᠡᠵᠦ᠂ ᠣᠨᠴᠣᠭᠤᠶ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠣᠨᠣᠰᠢᠯᠠᠨ ᠵᠠᠰᠠᠬᠤ ᠴᠢᠳᠠᠪᠤᠷᠢ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ᠂ ᠠᠯᠤᠰ ᠠᠴᠠ ᠬᠠᠮᠲᠤᠷᠠᠨ ᠣᠨᠣᠰᠢᠯᠠᠬᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠵᠡᠷᠭᠡ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ  ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠨᠮᠦ ᠣᠷᠴᠣᠨ ᠦᠨᠳᠦᠰᠦᠲᠡᠨ ᠤ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠾᠧ ᠰᠢ ᠰᠢᠨ᠎ᠡ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠡᠮᠨᠡᠯᠭᠡ ᠶᠢᠨ ᠬᠤᠷᠢᠶ᠎ᠠ ᠪᠣᠯᠤᠨ ᠬᠢᠲᠠᠳ ᠡᠪᠡᠰᠦᠨ ᠡᠮ ᠤᠨ ᠮᠦᠽᠧᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠬᠢᠲᠠᠳ ᠡᠮᠨᠡᠯᠭᠡ ᠶᠢᠨ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠦᠷᠪᠡ ᠳᠤ ᠰᠣᠶᠣᠯ ᠪᠡᠶ᠎ᠡ ᠶᠢᠨ ᠲᠠᠮᠢᠷ ᠤᠨ  ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠢᠳᠡᠪᠬᠢᠲᠡᠶ ᠥᠷᠨᠢᠭᠦᠯᠵᠦ᠂ ᠤᠯᠠᠭᠠᠨᠮᠥ᠋ᠴᠢᠷ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠶ᠋ᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠦᠢᠯ ᠢ ᠬᠠᠮᠠᠭᠠᠯᠠᠬᠤ ᠨᠢᠭᠡᠴᠢ ᠶᠢᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠷᠠᠳ ᠤᠨ ᠤᠷᠠᠯᠢᠭᠴᠢᠳ ᠵᠡᠷᠭᠡ ᠬᠥᠮᠦᠰ ᠤᠨ ᠵᠣᠬᠢᠶᠠᠨ ᠪᠦᠲᠦᠭᠡᠬᠦ ᠶᠢ ᠳᠠᠮᠵᠢᠵᠤ᠂ ᠨᠠᠷᠢᠯᠢᠭ ᠵᠢᠷᠤᠭ᠂ ᠥᠲᠥᠨ ᠵᠢᠷᠤᠭ᠂ ᠴᠠᠭᠠᠰᠤᠨ ᠬᠠᠶᠢᠴᠢᠯᠠᠮᠠᠯ ᠵᠡᠷᠭᠡ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠳᠠᠮᠵᠢᠨ᠎ᠠ᠃ ᠬᠥᠳᠡᠭᠡ ᠲᠣᠰᠬᠤᠨ ᠤ ᠰᠣᠶᠣᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠥᠷᠪᠡᠨ  ᠵᠦᠢᠯ ᠤᠨ ᠤᠷᠤᠯᠳᠤᠭᠠᠨ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠥᠨᠳᠥᠷ ᠬᠢᠷᠢ ᠲᠦᠪᠰᠢᠨ ᠢᠶᠠᠷ ᠳᠠᠭᠠᠭᠠᠴᠢᠯᠠᠨ ᠡᠷᠬᠢᠯᠡᠵᠦ᠂ ᠣᠯᠠᠨ ᠲᠦᠮᠡᠨᠴᠢ ᠴᠢᠨᠠᠷᠲᠠᠶ ᠰᠣᠶᠣᠯ ᠲᠠᠮᠢᠷ ᠢ ᠥᠷᠭᠡᠨ ᠳᠡᠯᠭᠡᠷ ᠥᠷᠨᠢᠭᠦᠯᠵᠡᠶ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠪᠤ ᠳᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠶᠡᠭᠡ ᠪᠠᠷ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠪᠠ ᠬᠠᠮᠢᠶᠠᠷᠬᠤ ᠦᠵᠡᠯ ᠤᠬᠠᠮᠰᠠᠷ ᠢ ᠴᠢᠩᠭᠠᠷᠠᠭᠤᠯᠵᠤ᠂ ᠬᠢᠵᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠰᠢᠢᠳᠪᠦᠷᠢᠯᠡᠬᠦᠳ︾ ᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠠᠰᠠᠭᠤᠳᠠᠯ ᠢ ᠡᠮᠬᠢ ᠵᠢᠷᠤᠮ ᠲᠠᠢ ᠪᠠᠷ  ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠢᠳᠡᠭᠡᠨ ᠪᠠ ᠡᠮ ᠤᠨ  ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠢᠷᠭᠤᠭ᠎ᠠ ᠳᠤ᠂ ᠪᠤᠰᠤᠳ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩ ᠭᠠᠳᠬᠠᠵᠤ᠂ ᠰᠢᠨ᠎ᠡ ᠪᠠᠶᠢᠳᠠᠯ ᠳᠣᠤᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠂ ᠴᠡᠷᠢᠭ ᠡᠯᠰᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠬᠦ ᠬᠠᠷᠠᠭᠠᠯᠵᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠭᠤᠷᠪᠠᠨ ᠱᠠᠲᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ  ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠬᠠᠮᠠᠭᠠᠯᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠣᠭᠤᠮᠲᠠ ᠶᠢᠨ ᠠᠵᠢᠯ ᠤᠨ ᠵᠥᠪᠯᠡᠯ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠠᠷᠠᠳ ᠤᠨ ᠪᠦᠯᠬᠦᠮ ᠤᠨ ᠠᠵᠢᠯ ᠥᠷᠨᠢᠭᠦᠯᠬᠦ ᠶᠢ ᠳᠠᠮᠵᠢᠨ᠎ᠠ᠃ ᠲᠤᠭ᠎ᠠ ᠪᠦᠷᠢᠳᠬᠡᠯ᠂ ᠬᠢᠨᠠᠨ ᠪᠣᠳᠣᠬᠤ᠂ ᠬᠠᠩᠭᠠᠨ ᠪᠣᠷᠣᠯᠠᠭᠤᠯᠬᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠴᠠᠭ ᠠᠭᠤᠷ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠭᠠᠯ ᠤᠨᠲᠠᠷᠠᠭᠠᠬᠤ ᠠᠮᠤᠷ ᠲᠦᠪᠰᠢᠨ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠡᠯ᠎ᠡ ᠵᠦᠶ᠋ᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃        ︵ᠳᠣᠯᠤᠭ᠎ᠠ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠨᠢᠭᠡ ᠳᠤ ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠦᠨ᠎ᠡ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠲᠠᠯ᠎ᠠ ᠪᠦᠬᠦᠨ ᠳᠤ ᠲᠤᠭᠤᠰᠢᠯᠠᠭᠤᠯᠵᠠᠶ᠂᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ᠎ᠡ᠃ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠠᠵᠢᠯ ᠤᠨ ᠴᠤᠪᠤᠷᠠᠯ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ  ᠦᠢᠯᠡᠴᠢᠯᠡᠬᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠬᠢᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤᠪᠠᠷ ᠶᠠᠷᠢᠯᠴᠠᠨ ᠲᠣᠭᠲᠠᠭᠠᠬᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ  ᠰᠢᠢᠳᠪᠦᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠡᠭᠦᠷᠭᠡᠯᠡᠨ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠨ ᠤ ᠰᠠᠨᠠᠭ᠎ᠠ ᠶᠢ ᠪᠠᠲᠤ ᠰᠠᠬᠢᠵᠤ᠂ ᠤᠯᠠᠨ ᠲᠦᠮᠡᠨ ᠤ ᠶᠡᠭᠡ ᠪᠠᠭ᠎ᠠ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠪᠤᠰᠢᠭᠤ ᠱᠠᠯᠠᠮᠠᠭᠠᠢ ᠠᠵᠢᠯᠯᠠᠬᠤ᠂ ᠦᠨᠡᠨᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ︽ᠳᠥᠷᠪᠡ ᠶᠢ ᠬᠡᠷᠡᠭᠵᠢᠭᠦᠯᠬᠦ ᠦᠭᠡᠢ ᠬᠤᠶᠠᠷ ᠢ ᠰᠢᠯᠤᠭᠤᠳᠬᠠᠬᠤ︾ ᠠᠷᠭ᠎ᠠ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠣᠳᠠᠲᠠᠶ ᠠᠰᠠᠭᠤᠳᠠᠯ ᠢ  ᠰᠢᠢᠳᠪᠦᠷᠢᠯᠡᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠤᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠠᠮᠤᠷ ᠲᠦᠪᠰᠢᠨ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃ ᠲᠦᠷᠪᠡ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠲᠥᠰᠦᠪ ᠢ  ᠭᠦᠢᠴᠡᠳᠬᠡᠬᠦ᠂ ᠠᠮᠵᠢᠯᠲᠠ ᠪᠦᠲᠦᠮᠵᠢ ᠶᠢᠨ ᠬᠠᠷᠠᠯᠲᠠ ᠶᠢᠨ ︽ᠬᠤᠶᠠᠷ ᠢ ᠬᠢᠨᠠᠨ ᠡᠵᠡᠮᠳᠡᠬᠦ︾ ᠶᠢ ᠬᠡᠷᠡᠭᠵᠢᠭᠦᠯᠵᠦ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ ᠃ ᠬᠢᠨᠠᠨ ᠪᠣᠳᠣᠵᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ  ᠭᠦᠢᠴᠡᠳᠬᠡᠵᠦ ᠬᠢᠨᠠᠨ ᠪᠤᠳᠤᠬᠤ ᠡᠷᠴᠢᠮ ᠢ ᠴᠢᠩᠭᠠᠷᠠᠭᠤᠯᠤᠨ᠎ᠠ᠃ ᠲᠥᠪ ᠬᠤᠷᠢᠶᠠᠨ ᠤ  ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠬ᠎ᠠ ᠬᠡᠷᠡᠭᠵᠢᠭᠦᠯᠵᠦ ᠠᠷᠠᠳ ᠢ ᠪᠠᠶᠠᠵᠢᠭᠤᠯᠵᠠᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠠᠷᠠᠳ ᠤᠨ ᠲᠥᠯᠥᠭᠡ ᠵᠢᠳᠬᠦᠬᠦ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠵᠠᠰᠠᠭ ᠤᠨ ᠣᠷᠳᠣᠨ ᠤ ᠳᠦᠷᠢ ᠲᠥᠷᠬᠦ ᠶᠢ ᠪᠠᠲᠤ ᠪᠤᠢ ᠪᠣᠯᠭᠠᠨ᠎ᠠ᠃     ᠲᠥᠯᠥᠭᠡᠯᠡᠭᠴᠢᠳ ᠡ᠂ ᠰᠠᠯᠬᠢ ᠳᠠᠪᠠᠯᠭᠠᠨ ᠣᠶᠢᠯᠤᠨ ᠳᠠᠪᠠᠯᠭᠠᠯᠠᠵᠤ᠂ ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨ᠎ᠡ︔ ᠡᠭᠦᠷᠭᠡ ᠬᠦᠨᠳᠦ ᠵᠠᠮ ᠬᠤᠯᠠ᠂ ᠨᠡᠩ ᠴᠤ ᠬᠤᠷᠳᠤᠨ ᠮᠣᠷᠢᠨ ᠳᠤ ᠲᠠᠰᠢᠭᠤᠷ ᠨᠡᠮᠡᠬᠦ ᠶᠢ ᠱᠠᠭᠠᠷᠳᠠᠨ᠎ᠠ᠃ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠶᠢᠨ ᠠᠷᠠᠳ ᠲᠦᠮᠡᠨ ᠳᠤ ᠨᠢᠭᠲᠠ ᠲᠦᠰᠢᠭᠯᠡᠨ ᠪᠦᠯᠬᠦᠮᠳᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠵᠠᠯᠠᠨ ᠠᠶᠢᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
   
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ