2019 ᠣᠨ ᠳᠤ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | 1597492 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠪᠡ | ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 497219 ᠲᠦᠮᠡᠨ ᠲᠥᠭᠦᠷᠢᠭ ᠪᠠᠶᠢᠵᠤ᠂ | 2.0% ᠪᠠᠷ ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 543806 ᠲᠦᠮᠡᠨ ᠲᠥᠭᠦᠷᠢᠭ | ᠪᠠᠶᠢᠵᠤ᠂ 2.1% ᠪᠠᠷ ᠨᠡᠮᠡᠭᠳᠡᠵᠡᠢ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 556467 | ᠲᠦᠮᠡᠨ ᠲᠥᠭᠦᠷᠢᠭ ᠪᠠᠶᠢᠵᠤ᠂ 4.9% ᠪᠠᠷ ᠨᠡᠮᠡᠭᠳᠡᠵᠡᠢ᠃ ᠭᠤᠷᠪᠠᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢ 31.1:34:34.9 ᠪᠤᠯᠭᠠᠵᠠᠢ᠃ ᠬᠥᠮᠦᠨ ᠳᠤᠮᠳᠠᠴᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 39402 ᠲᠥᠭᠦᠷᠢᠭ ᠲᠤ ᠬᠦᠷᠴᠦ᠂ ᠨᠢᠳᠤᠨᠤᠨ ᠲᠠᠢ | ᠬᠠᠷᠢᠴᠠᠭᠤᠯᠪᠠᠯ 3.6% ᠪᠠᠷ ᠨᠡᠮᠡᠭᠳᠡᠪᠡ᠃ | ᠪᠦᠬᠦ ᠵᠢᠯ ᠳᠤ ᠪᠦᠬᠦ ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ 62452 ᠲᠦᠮᠡᠨ | ᠲᠥᠭᠦᠷᠢᠭ ᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠪᠦᠬᠦ ᠵᠢᠯ ᠳᠤ ᠪᠦᠬᠦ | ᠬᠤᠲᠠ ᠶᠢᠨ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 409688 ᠲᠦᠮᠡᠨ ᠲᠥᠭᠦᠷᠢᠭ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠵᠠᠢ᠃ | ᠪᠦᠬᠦ ᠵᠢᠯ ᠳᠤ ᠪᠦᠬᠦ ᠬᠤᠲᠠ ᠶᠢᠨ ᠬᠤᠲᠠ ᠪᠠᠯᠭᠠᠰᠤᠨ ᠳᠤ 4869 ᠬᠥᠮᠦᠨ ᠰᠢᠨ᠎ᠡ ᠪᠠᠷ ᠨᠡᠮᠡᠭᠳᠡᠵᠦ᠂ | ᠡᠭᠦᠨ ᠳᠤ ᠠᠵᠢᠯ ᠠᠯᠳᠠᠭᠰᠠᠨ 1531 ᠬᠥᠮᠦᠨ ᠳᠤ ᠳᠠᠬᠢᠨ ᠠᠵᠢᠯ ᠣᠯᠭᠤᠵᠤ᠂ ᠶᠠᠳᠠᠭᠤ ᠬᠦᠴᠢᠷᠳᠡᠯᠲᠡᠶ 1637 | ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3. | 91% ᠪᠤᠯᠵᠠᠢ᠃ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦ ᠰᠢᠯᠵᠢᠭᠡᠳ ᠠᠵᠢᠯ ᠤᠯᠤᠭᠰᠠᠨ ᠬᠥᠮᠦᠨ | 24215 ᠪᠠᠶᠢᠨ᠎ᠠ᠃ |