ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/10/14
      ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠡᠷᠡᠰ ᠨᠠᠶᠢᠳᠠᠪᠤᠷᠢᠯᠵᠢᠭᠤᠵᠤ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠵᠡᠷᠭᠡ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠢᠭᠡᠨᠲᠡ ᠬᠦᠴᠦᠨ ᠦᠭᠡᠶ ᠪᠣᠯᠭᠠᠭᠰᠠᠨ᠂ ᠲᠠᠲᠠᠪᠤᠷᠢᠯᠠᠬᠤ᠂ ᠲᠠᠲᠠᠪᠤᠷᠢᠯᠠᠬᠤ ᠶᠢ ᠵᠣᠭᠰᠣᠭᠠᠬᠤ ᠵᠢᠴᠢ ᠲᠠᠲᠠᠪᠤᠷᠢᠯᠠᠬᠤ ᠪᠠᠷᠢᠮᠵᠢᠶ᠎ᠠ ᠶᠢ ᠪᠠᠭᠤᠷᠠᠭᠤᠯᠤᠭᠰᠠᠨ  ᠰᠦᠢᠳᠬᠡᠯ ᠬᠤᠷᠢᠶᠠᠬᠤ ᠰᠠᠭᠤᠷᠢ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠨᠠᠶᠢᠳᠠᠪᠤᠷᠢᠵᠢᠭᠤᠯᠬᠤ ᠶᠢᠨ ᠳᠥᠯᠦᠭᠡ᠂ ᠡᠳ᠋ ᠤᠨ ᠵᠠᠰᠠᠭ ᠤᠨ ᠶᠠᠮᠤᠨ ︽ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ︵ᠡᠳ᠋ ᠬᠥᠮᠥᠷᠭᠡ ︹ 2020 ︺ 23 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠃ ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃
   
ᠠᠰᠠᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖
   
    ᠬᠠᠷᠢᠭᠤᠯᠲᠠ᠄ 2020 ᠣᠨ ᠠᠴᠠ ᠨᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠶᠠᠮᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠣᠯᠤᠨ ᠬᠤᠷᠸ᠎ᠠ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠭᠲᠠᠭᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠠᠶᠢᠯᠢ  ᠰᠦᠢᠳᠬᠡᠯ ᠤᠨ ᠳᠡᠮᠵᠢᠯᠭᠡ ᠦᠵᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠪᠠᠶᠢᠴᠠᠭᠠᠨ ᠰᠤᠳᠤᠯᠤᠯᠲᠠ ᠬᠢᠭᠡᠳ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠲᠠᠯ᠎ᠠ ᠪᠠᠷ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠨᠢᠭᠡ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠬᠡᠰᠡᠭ  ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠮᠥᠷᠳᠡᠨ ᠬᠡᠷᠡᠭᠵᠢᠭᠦᠯᠪᠡᠯ᠂ ᠪᠤᠴᠠᠭᠠᠨ ᠥᠭᠬᠦ ᠲᠤ ᠬᠠᠶᠢᠯᠠᠭᠰᠠᠨ ᠠᠵᠢᠯ ᠪᠤᠰᠤᠳᠴᠢ ᠪᠠᠶᠢᠳᠠᠯ ᠳᠤ ᠪᠣᠶ ᠪᠣᠯᠤᠨ᠎ᠠ᠃ ᠬᠤᠶᠠᠷ ᠲᠤ ᠬᠡᠰᠡᠭ ᠵᠣᠭᠤᠰ ᠲᠤᠰᠢᠶᠠᠭᠴᠢ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠬᠤ ᠥᠬᠡᠶ᠂ ᠮᠥᠨ ᠤᠤᠯ ᠤᠨ ᠪᠠᠷᠢᠮᠵᠢᠶ᠎ᠠ ᠶᠣᠰᠣᠭᠠᠷ ᠳᠡᠭᠡᠭᠰᠢ ᠭᠠᠶᠢᠯᠢ ᠶᠢᠨ ᠪᠤᠰᠤ ᠣᠷᠣᠯᠭ᠎ᠠ ᠶᠢ ᠲᠤᠰᠢᠶᠠᠨ᠎ᠠ᠃ ᠭᠤᠷᠪᠠ ᠳᠤ ᠬᠢᠵᠢᠭ ᠤᠨ ᠪᠠᠶᠢᠳᠠᠯ ᠬᠢᠴᠢᠶᠡᠯ ᠵᠣᠭᠰᠣᠭᠰᠠᠨ ᠬᠦᠴᠦᠨ  ᠵᠦᠢᠯ ᠠᠴᠠ ᠪᠣᠯᠵᠣ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠠᠴᠠ ᠡᠮᠦᠨ᠎ᠡ ᠬᠤᠷᠢᠶᠠᠭᠰᠠᠨ ᠰᠤᠷᠭᠠᠨ ᠬᠥᠮᠦᠵᠢᠯ ᠤᠨ  ᠰᠦᠢᠳᠬᠡᠯ ᠢ ᠴᠠᠭ ᠲᠤᠬᠠᠶ ᠳᠤᠨᠢ ᠪᠤᠴᠠᠭᠠᠬᠤ ᠬᠡᠷᠡᠭᠲᠡᠶ᠃ ᠭᠡᠪᠡᠴᠦ ᠣᠳᠣ ᠶᠢᠨ ᠬᠡᠷᠡᠭᠵᠢᠭᠦᠯᠵᠦ  ᠪᠠᠶᠢᠭ᠎ᠠ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠶᠠᠪᠤᠴᠠ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠪᠤᠴᠠᠭᠠᠵᠤ ᠥᠭᠬᠦ ᠬᠤᠷᠳᠤᠴᠠ ᠨᠢ ᠨᠡᠯᠢᠶᠡᠳ ᠤᠳᠠᠭᠠᠨ ᠪᠠᠶᠢᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠢᠳᠠᠪᠤᠷᠢᠵᠢᠭᠤᠯᠬᠤ᠂ ᠡᠳ᠋ ᠤᠨ ᠵᠠᠰᠠᠭ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠬᠤ ᠶᠢ ᠪᠠᠲᠤᠯᠠᠬᠤ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠶ ᠳᠤᠨᠢ ᠪᠤᠴᠠᠭᠠᠬᠤ ᠶᠢ ᠪᠠᠲᠤᠯᠠᠬᠤ᠂ ᠭᠠᠶᠢᠯᠢ ᠶᠢᠨ ᠪᠤᠰᠤ ᠪᠤᠴᠠᠭᠠᠵᠤ ᠥᠭᠬᠦ ᠬᠠᠮᠢᠶᠠᠷᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠨ ᠨᠡᠮᠡᠷᠢᠯᠡᠬᠦ ᠶᠢ ᠱᠠᠭᠠᠷᠳᠠᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ᠠᠰᠠᠭᠤᠯᠲᠠ᠄ ︽ᠮᠡᠳᠡᠭᠳᠡᠯ︾ ᠳᠤ ᠪᠣᠳᠠᠲᠠᠶ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖       ᠬᠠᠷᠢᠭᠤᠯᠲᠠ᠄ ᠡᠳ᠋ ᠤᠨ ᠵᠠᠰᠠᠭ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ︽ᠪᠤᠴᠠᠭᠠᠬᠤ᠂ ᠴᠠᠭ ᠲᠤᠬᠠᠶ ᠳᠤᠨᠢ ᠪᠤᠴᠠᠭᠠᠬᠤ︾ ᠶᠢ ᠲᠤᠪᠤᠶᠢᠯᠭᠠᠨ᠂ ᠪᠤᠴᠠᠭᠠᠵᠤ ᠥᠭᠬᠦ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃ ᠪᠣᠳᠠᠲᠠᠶ ᠠᠭᠤᠯᠭ᠎ᠠ ᠳᠤ ᠲᠠᠪᠤᠨ ᠬᠡᠰᠡᠭ ᠪᠠᠭᠲᠠᠨ᠎ᠠ᠄ ᠨᠢᠭᠡ ᠳᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠬᠤ ᠶᠣᠰᠣᠲᠠᠶ ᠪᠦᠬᠦᠨ ᠢ ᠪᠤᠴᠠᠭᠠᠬᠤ ᠶᠢ ᠪᠠᠲᠤᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠲᠣᠰ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠤᠴᠠᠭᠠᠨ ᠥᠭᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠬᠤᠪᠢᠳᠠᠯ ᠤᠨ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠠᠵᠢᠯ ᠢ ᠲᠦᠷᠭᠡᠳᠬᠡᠨ  ᠰᠢᠢᠳᠪᠦᠷᠢᠯᠡᠨ᠎ᠡ᠃ ᠬᠤᠶᠠᠷ ᠲᠤ᠂ ᠡᠯᠧᠺᠲᠷᠣᠨ ᠢᠶᠠᠷ ᠪᠤᠴᠠᠭᠠᠨ ᠥᠭᠬᠦ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠶᠢ ᠢᠳᠡᠪᠬᠢᠲᠡᠶ ᠰᠦᠪᠡᠭᠴᠢᠯᠡᠨ ᠪᠡᠶᠡᠯᠡᠭᠦᠯᠬᠦ ᠶᠢ ᠱᠠᠭᠠᠷᠳᠠᠵᠠᠶ᠃ ︽ᠦᠯᠦ ᠬᠦᠷᠦᠯᠴᠡᠬᠦ︾ ᠪᠠᠷ ᠳᠠᠮᠵᠢᠭᠤᠯᠤᠨ ᠪᠤᠴᠠᠭᠠᠨ ᠥᠭᠴᠦ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠪᠠ ᠬᠤᠪᠢ ᠬᠥᠮᠦᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠭᠤᠷᠪᠠ ᠳᠤ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠬᠡᠷᠡᠭᠵᠢᠭᠦᠯᠵᠦ  ᠪᠠᠶᠢᠭ᠎ᠠ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠡᠯ᠎ᠡ ᠣᠷᠣᠯᠭ᠎ᠠ  ᠭᠦᠢᠴᠡᠳᠬᠡᠵᠦ  ᠪᠠᠶᠢᠭ᠎ᠠ ᠨᠢᠭᠡᠴᠡ ᠳᠣᠲᠣᠭᠠᠳᠤ ᠶᠢᠨ ᠡᠵᠡᠮᠳᠡᠯ ᠢᠶᠠᠨ ᠴᠢᠩᠭᠠᠳᠬᠠᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠳᠣᠲᠣᠭᠠᠳᠤ ᠶᠢᠨ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠵᠠᠶ᠂ ᠪᠤᠴᠠᠭᠠᠨ ᠥᠭᠬᠦ ᠪᠡᠯᠡ ᠮᠥᠩᠭᠦ ᠶᠢ ᠳᠠᠬᠢᠨ ᠬᠢᠨᠠᠬᠤ ᠳᠦᠷᠢᠮ ᠢ ᠬᠡᠷᠡᠭᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠵᠤ ᠲᠤᠰᠢᠶᠠᠬᠤ ᠪᠠ ᠪᠤᠴᠠᠭᠠᠨ ᠥᠭᠬᠦ ᠶᠢᠨ ᠲᠣᠭᠠᠴᠠᠭ᠎ᠠ ᠬᠢᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠳᠥᠷᠪᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠡᠯ᠎ᠡ ᠣᠷᠣᠯᠭ᠎ᠠ ᠶᠢᠨ ᠨᠢᠭᠡᠴᠡ ᠣᠯᠠᠨ  ᠵᠦᠢᠯ  ᠤᠨ ᠬᠡᠯᠪᠡᠷᠢ ᠶᠢ ᠠᠪᠴᠤ ᠭᠠᠶᠢᠯᠢ ᠬᠥᠩᠭᠡᠯᠡᠵᠦ  ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠵᠥᠪ ᠣᠨᠣᠪᠴᠢᠲᠠᠶ ᠤᠬᠠᠭᠤᠯᠬᠤ ᠶᠢ ᠱᠠᠭᠠᠷᠳᠠᠵᠠᠶ᠃ ᠭᠠᠶᠢᠯᠢ ᠬᠥᠩᠭᠡᠯᠡᠵᠦ  ᠰᠦᠢᠳᠬᠡᠯ ᠪᠠᠭᠤᠷᠠᠭᠤᠯᠬᠤ ᠴᠡᠪᠡᠷ ᠠᠰᠢᠭ ᠢ ᠴᠠᠭ ᠲᠤᠬᠠᠶ ᠳᠤᠨᠢ  ᠭᠦᠢᠴᠡᠳ ᠲᠤᠭ᠎ᠠ ᠪᠠᠷ ᠵᠣᠭᠤᠰ ᠲᠤᠰᠢᠶᠠᠬᠤ ᠠᠵᠤ ᠠᠬᠤᠶᠢᠯᠠᠯ ᠪᠠ ᠬᠤᠪᠢ ᠬᠥᠮᠦᠨ ᠳᠤ ᠬᠦᠷᠲᠡᠭᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠨᠡᠮᠡᠭᠳᠡᠭᠦᠯᠦᠨ᠎ᠡ᠃ ᠲᠠᠪᠤ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠶᠠᠮᠤᠨ ᠤ ᠡᠯ᠎ᠡ ᠭᠠᠵᠠᠷ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠯ᠎ᠡ ᠣᠷᠣᠯᠭ᠎ᠠ ᠭᠦᠢᠴᠡᠳᠬᠡᠬᠦ ᠨᠢᠭᠡᠴᠡ ᠶᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ᠂ ᠪᠤᠴᠠᠭᠠᠵᠤ ᠥᠭᠬᠦ ᠶᠣᠰᠣᠲᠠᠶ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠪᠤᠴᠠᠭᠠᠵᠤ ᠥᠭᠬᠦ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠢ ᠦᠨᠡᠨ ᠬᠦ ᠨᠠᠮᠳᠠᠭᠤᠯᠪᠠ᠃ ᠴᠢᠬᠤᠯᠠ ᠪᠤᠶᠤ ᠭᠡᠨᠡᠳᠲᠡ ᠶᠢᠨ ᠪᠠᠢᠳᠠᠯ ᠲᠤᠯᠭᠠᠷᠠᠪᠠᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ᠠᠰᠠᠭᠤᠯᠲᠠ᠄ ︽ᠮᠡᠳᠡᠭᠳᠡᠯ︾ ᠳᠤ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠣᠯᠭᠠᠬᠤ᠂ ᠪᠤᠴᠠᠭᠠᠨ ᠥᠭᠬᠦ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ       ᠬᠠᠷᠢᠭᠤᠯᠲᠠ᠄ ᠨᠢᠭᠡ ᠳᠤ᠂ ᠭᠠᠶᠢᠯᠢ ᠶᠢᠨ ᠪᠤᠰᠤ ᠣᠷᠣᠯᠭ᠎ᠠ ᠶᠢᠨ ᠲᠤᠯᠭᠠᠨ ᠬᠠᠰᠤᠬᠤ ᠶᠠᠪᠤᠴᠠ ᠪᠠ ᠱᠠᠭᠠᠷᠳᠠᠯᠭ᠎ᠠ ᠶᠢ ᠲᠣᠳᠣᠷᠬᠠᠶᠢᠯᠠᠬᠤ ᠶᠢ ᠱᠠᠭᠠᠷᠳᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠣᠳᠣᠬᠤ ᠂ ᠨᠢᠭᠡᠨᠲᠡ ᠲᠤᠰᠢᠶᠠᠭᠰᠠᠨ ᠵᠣᠭᠤᠰ ᠢ ᠳᠠᠷᠠᠭ᠎ᠠ ᠰᠠᠷ᠎ᠠ ᠶᠢᠨ ᠲᠤᠰᠢᠶᠠᠬᠤ ᠶᠣᠰᠣᠲᠠᠶ ᠭᠠᠶᠢᠯᠢ ᠶᠢᠨ ᠪᠤᠰᠤ ᠣᠷᠣᠯᠭ᠎ᠠ ᠶᠢ ᠲᠤᠯᠭᠠᠨ ᠬᠠᠰᠤᠬᠤ ︽ᠮᠡᠳᠡᠭᠳᠡᠯ︾ ᠳᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠯᠭᠠᠨ ᠰᠠᠭᠤᠯᠭᠠᠬᠤ ᠴᠤᠪᠤᠷᠠᠯ ᠪᠠ ᠠᠵᠢᠯᠯᠠᠬᠤ ᠠᠷᠭ᠎ᠠ ᠪᠠᠨ ᠲᠣᠳᠣᠷᠬᠠᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠡᠯᠤᠺᠲᠷᠤᠨᠴᠢᠯᠠᠯᠳᠠ ᠪᠠᠷ ᠳᠠᠮᠵᠢᠭᠤᠯᠤᠨ ᠪᠤᠴᠠᠭᠠᠨ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠨ᠎ᠠ᠃ ︽ᠮᠡᠳᠡᠭᠳᠡᠯ︾ ᠳᠤ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠡᠯᠧᠺᠲᠷᠣᠨ ᠢᠶᠠᠷ ᠪᠤᠴᠠᠭᠠᠨ ᠥᠭᠬᠦ᠂ ᠡᠯᠧᠺᠲᠷᠣᠨ ᠲᠠᠩᠰᠠ ᠬᠠᠷᠭᠤᠭᠤᠯᠬᠤ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠨᠥᠬᠦᠴᠡᠯ ᠲᠠᠢ ᠭᠠᠵᠠᠷ ᠣᠷᠣᠨ ᠨᠢ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠪᠠᠷ ᠮᠡᠳᠡᠭᠦᠯᠬᠦ᠂ ᠲᠤᠬᠠᠶᠢᠯᠠᠭᠰᠠᠨ ᠠᠵᠢᠯ ᠢ ᠬᠢᠨᠠᠨ ᠬᠠᠷᠭᠤᠭᠤᠯᠬᠤ᠂ ᠵᠣᠭᠤᠰ ᠲᠤᠰᠢᠶᠠᠬᠤ ᠶᠢ ᠬᠢᠨᠠᠨ ᠬᠠᠷᠭᠤᠭᠤᠯᠬᠤ᠂ ᠪᠠᠯᠠ ᠮᠥᠩᠭᠦ ᠶᠢ ᠪᠤᠴᠠᠭᠠᠨ ᠥᠭᠬᠦ ᠵᠡᠷᠭᠡ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠰᠦᠪᠡᠭᠴᠢᠯᠡᠨ ᠪᠡᠶᠡᠯᠡᠭᠦᠯᠵᠦ ᠪᠣᠯᠤᠨ᠎ᠠ᠃ ᠭᠤᠷᠪᠠ ᠳᠤ ᠡᠳ᠋ ᠤᠨ ᠵᠠᠰᠠᠭ ᠤᠨ ᠵᠠᠳᠠᠯᠤᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠶᠢᠨ ᠰᠠᠷ᠎ᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠪᠣᠯᠤᠨ ᠬᠠᠰᠤᠬᠤ᠂ ᠬᠡᠯᠲᠦᠷᠢᠭᠦᠯᠬᠦ᠂ ᠬᠤᠶᠢᠰᠢᠯᠠᠭᠤᠯᠬᠤ ᠂ ᠵᠣᠭᠰᠣᠭᠠᠬᠤ ᠲᠥᠷᠥ ᠶᠢᠨ ᠪᠣᠳᠣᠯᠭ᠎ᠠ ᠶᠢᠨ ᠬᠤᠯᠪᠣᠯᠳᠤᠯ ᠵᠠᠳᠠᠯᠤᠯᠲᠠ ᠶᠢ ᠬᠢᠨᠠᠮᠠᠭᠠᠶ ᠥᠷᠨᠢᠭᠦᠯᠬᠦ ᠶᠢ ᠱᠠᠭᠠᠷᠳᠠᠵᠠᠶ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ᠠᠰᠠᠭᠤᠯᠲᠠ᠄ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠶ︖      ᠬᠠᠷᠢᠭᠤᠯᠲᠠ᠄ ᠠᠵᠤ ᠠᠬᠤᠶᠢᠯᠠᠯ ᠪᠠ ᠬᠤᠪᠢ ᠬᠥᠮᠦᠨ ᠤ ᠵᠠᠷᠤᠳᠠᠯ ᠢ ᠪᠠᠭᠤᠷᠠᠭᠤᠯᠬᠤ ᠴᠡᠪᠡᠷ ᠠᠰᠢᠭ ᠢ ᠪᠦᠷᠢᠨ ᠡᠳ᠋ᠯᠡᠬᠦ ᠶᠢ ᠪᠠᠲᠤᠯᠠᠬᠤ ᠶᠢᠨ ᠲᠥᠯᠥᠭᠡ᠂ ︽ᠮᠡᠳᠡᠭᠳᠡᠯ︾ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠵᠤ᠂ ᠪᠢᠳᠡ ᠳᠣᠤᠷᠠᠬᠢ ᠠᠵᠢᠯ ᠤᠳ ᠢ ᠢᠳᠡᠪᠬᠢᠲᠡᠶ ᠰᠠᠶᠢᠲᠤᠷ ᠬᠢᠨ᠎ᠠ᠄ ᠨᠢᠭᠡ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠶᠠᠮᠤᠨ ᠤ ᠫᠤᠷᠲ᠋ᠧᠯ ᠰᠦᠯᠵᠢᠶ᠎ᠡ᠂ ᠡᠳ᠋ ᠤᠨ ᠵᠠᠰᠠᠭ ᠤᠨ ᠶᠠᠮᠤᠨ ᠤ ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ᠂ ︽ᠮᠡᠳᠡᠭᠳᠡᠯ︾ ᠳᠤ ᠥᠷᠭᠡᠨ ᠳᠡᠯᠭᠡᠷ ᠤᠬᠠᠭᠤᠯᠭ᠎ᠠ ᠬᠢᠵᠦ᠂ ᠰᠠᠨᠠᠭᠠᠴᠢᠯᠠᠭ᠎ᠠ ᠠᠴᠠ ᠪᠠᠨ ᠮᠠᠳᠠᠭ ᠲᠠᠢ  ᠵᠦᠢᠯ ᠢ  ᠰᠢᠢᠳᠪᠦᠷᠢᠯᠡᠵᠦ᠂ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ ᠪᠠᠶ᠋ᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠡᠯ᠎ᠡ ᠭᠠᠵᠠᠷ ᠤᠨ ᠬᠡᠷᠡᠭᠵᠢᠭᠦᠯᠵᠦ  ᠪᠠᠶᠢᠭ᠎ᠠ ᠪᠠᠶᠢᠳᠠᠯ ᠤᠨ ᠵᠠᠯᠭᠠᠮᠵᠢ ᠮᠥᠷᠳᠡᠯᠲᠡ ᠶᠢ ᠰᠠᠶᠢᠲᠤᠷ ᠬᠢᠵᠦ᠂ ᠪᠠᠶᠢᠳᠠᠯ ᠢ ᠨᠢ ᠦᠵᠡᠵᠦ ᠪᠠᠶᠢᠭᠠᠳ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠦᠨᠡᠯᠡᠯᠲᠡ ᠬᠢᠵᠦ ᠡᠯ᠎ᠡ ᠭᠠᠵᠠᠷ ᠲᠤ ᠲᠤᠯᠭᠠᠷᠠᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠠᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠬᠦᠯᠢᠶᠡᠨ ᠠᠪᠬᠤ ᠨᠢᠭᠡᠴᠡ ᠶᠢ ᠨᠠᠩ ᠰᠠᠶᠢᠨ ᠰᠢᠪᠠᠳᠠᠨ ︽ᠮᠡᠳᠡᠭᠳᠡᠯ ︾ ᠤᠨ ᠱᠠᠭᠠᠷᠳᠠᠯᠭ᠎ᠠ ᠶᠣᠰᠣᠭᠠᠷ᠂ ᠪᠤᠴᠠᠭᠠᠬᠤ ᠶᠣᠰᠣᠲᠠᠶ ᠭᠠᠶᠢᠯᠢ ᠶᠢᠨ ᠪᠤᠰᠤ ᠣᠷᠣᠯᠭ᠎ᠠ ᠶᠢ ᠣᠷᠣᠨ ᠪᠠᠶᠢᠷᠢ ᠳᠤᠨᠢ ᠪᠤᠴᠠᠭᠠᠵᠤ᠂ ᠴᠠᠭ ᠲᠤᠬᠠᠶ ᠳᠤᠨᠢ ᠪᠤᠴᠠᠭᠠᠨ᠎ᠠ᠃ ᠭᠤᠷᠪᠠ ᠳᠤ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠦᠨ᠎ᠡ᠃ ᠲᠥᠪ ᠤᠨ ᠳᠠᠪᠬᠤᠷᠭ᠎ᠠ᠂ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠨᠡᠯᠢᠶᠡᠳ ᠥᠨᠳᠥᠷ ᠰᠤᠷᠭᠠᠨ ᠬᠥᠮᠦᠵᠢᠯ ᠤᠨ ᠰᠦᠶ᠋ᠳᠬᠡᠯ ᠬᠤᠷᠢᠶᠠᠬᠤ ᠵᠡᠷᠭᠡ ᠣᠷᠣᠯᠭ᠎ᠠ ᠶᠢᠨ  ᠵᠦᠢᠯᠡᠰ ᠲᠤ ᠴᠢᠭᠯᠡᠭᠦᠯᠦᠨ᠂ ᠪᠤᠴᠠᠭᠠᠨ ᠥᠭᠬᠦ ᠲᠥᠷᠥ ᠶᠢᠨ ᠪᠣᠳᠣᠯᠭ᠎ᠠ ᠪᠠ ᠴᠤᠪᠤᠷᠠᠯ ᠢ ᠢᠵᠢ ᠪᠦᠷᠢᠳᠦᠭᠦᠯᠦᠨ ᠨᠡᠶᠢᠲᠡᠯᠡᠨ᠎ᠡ᠃ ᠣᠷᠣᠨ ᠨᠤᠲᠤᠭ ᠤᠨ ᠲᠠᠯ᠎ᠠ ᠠᠴᠠ ᠡᠯ᠎ᠡ ᠭᠠᠵᠠᠷ ᠤᠨ ᠲᠥᠷᠥ ᠶᠢᠨ ᠪᠣᠳᠣᠯᠭ᠎ᠠ ᠲᠣᠭᠲᠠᠭᠠᠭᠰᠠᠨ ᠵᠢᠴᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠨ᠂ ᠣᠷᠣᠨ ᠨᠤᠲᠤᠭ ᠤᠨ ᠬᠢᠨ ᠤ ᠨᠠᠷᠢᠨ ᠨᠢᠮᠪᠠᠶ ︽ᠮᠡᠳᠡᠭᠳᠡᠯ︾ ᠤᠨ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠ ᠪᠤᠷᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号