ᠵᠠᠯᠠᠨ ᠠᠶᠢᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ ︵79 ᠳ᠋ᠦᠭᠡᠷ︶
ᠨᠡᠶᠢᠲᠡᠯᠡᠭᠰᠡᠨ ᠴᠠᠭ᠄
2020/10/14
    ᠣᠳᠣᠬᠠᠨ ᠳᠤ᠂ ᠬᠢᠯᠢ ᠶᠢᠨ ᠭᠠᠳᠠᠨᠠᠬᠢ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠶᠡᠭᠡ ᠳᠡᠯᠭᠡᠷᠡᠬᠦ ᠪᠠᠶᠢᠳᠠᠯ ᠮᠥᠨ ᠬᠦ ᠪᠦᠲᠦᠮᠵᠢᠲᠡᠶ ᠬᠤᠷᠢᠭᠯᠠᠭᠳᠠᠭᠠᠳᠤᠶ᠂ ᠣᠷᠣᠭᠤᠯᠤᠭᠰᠠᠨ ᠴᠢᠨᠠᠷᠲᠠᠶ ᠬᠢᠵᠢᠭ ᠤᠨ ᠪᠠᠶᠢᠳᠠᠯ᠂ ᠤᠯᠤᠰ ᠤᠨ ᠳᠣᠲᠣᠭᠠᠳᠤ ᠶᠢᠨ ᠬᠡᠰᠡᠭ ᠬᠡᠰᠡᠭ ᠢᠶᠠᠷ ᠲᠠᠷᠬᠠᠭᠰᠠᠨ ᠡᠪᠡᠳᠴᠢᠨ ᠤ ᠵᠢᠱᠢᠶ᠎ᠡ ᠪᠣᠯᠤᠨ ᠬᠡᠰᠡᠭ ᠭᠠᠵᠠᠷ ᠭᠡᠨᠡᠳᠲᠡ ᠬᠢᠵᠢᠭ ᠤᠨ ᠪᠠᠶᠢᠳᠠᠯ ᠤᠨ ᠲᠦᠭᠰᠢᠭᠦᠷᠢ ᠮᠥᠨ ᠣᠷᠣᠰᠢᠵᠤ ᠪᠠᠶᠢᠨ᠎ᠠ᠃ ᠲᠤᠰᠬᠠᠶ ᠮᠡᠷᠭᠡᠵᠢᠯᠲᠡᠳ ᠡᠨᠡ ᠵᠢᠯ ᠤᠨ ᠨᠠᠮᠤᠷ ᠡᠪᠦᠯ ᠤᠨ ᠮᠠᠨ ᠤ ᠤᠯᠤᠰ ᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠡᠭᠦᠰᠬᠦ ᠲᠦᠭᠰᠢᠭᠦᠷᠢ ᠨᠡᠯᠢᠶᠡᠳ ᠥᠨᠳᠥᠷ᠂ ᠨᠠᠮᠤᠷ ᠡᠪᠦᠯ ᠤᠨ ᠤᠯᠠᠷᠢᠯ ᠪᠣᠯ ᠪᠠᠰᠠ ᠴᠤ ᠡᠯ᠎ᠡ ᠲᠥᠷᠥᠯ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ ᠬᠤᠭᠤᠴᠠᠭ᠎ᠠ ᠮᠥᠨ᠂ ᠡᠨᠡ ᠨᠢ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠤᠨ ᠪᠤᠳᠤᠯᠢᠶᠠᠨᠲᠤ ᠴᠢᠨᠠᠷ ᠪᠠ ᠰᠡᠷᠭᠡᠶᠢᠯᠡᠨ ᠡᠵᠡᠮᠳᠡᠬᠦ ᠬᠦᠴᠢᠷᠳᠡᠯ ᠢ ᠨᠡᠮᠡᠭᠳᠡᠭᠦᠯᠬᠦ ᠪᠣᠯᠤᠨ᠎ᠠ᠃ ᠡᠶᠢᠮᠦ ᠠᠴᠠ᠂ ᠥᠷᠭᠡᠨ ᠣᠯᠠᠨ ᠬᠤᠲᠠ ᠶᠢᠨ ᠠᠷᠠᠳ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠡᠨᠡ ᠬᠦ ᠬᠥᠪᠴᠢ ᠶᠢ ᠴᠢᠩᠭ᠎ᠠ ᠡᠵᠡᠮᠳᠡᠵᠦ᠂ ᠢᠮᠠᠭᠲᠠ ᠰᠡᠷᠭᠡᠶᠢᠯᠡᠬᠦ ᠤᠬᠠᠮᠰᠠᠷ ᠢᠶᠠᠨ ᠪᠠᠲᠤᠯᠠᠬᠤ ᠬᠡᠷᠡᠭᠲᠡᠶ᠃ ᠣᠳᠣᠬᠠᠨ ᠤ ᠬᠢᠵᠢᠭ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠬᠢᠵᠢᠭ ᠳᠠᠬᠢᠨ ᠡᠭᠦᠰᠬᠦ ᠶᠢ  ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ  ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠥᠷᠭᠡᠨ ᠣᠯᠠᠨ ᠬᠤᠲᠠ ᠶᠢᠨ ᠠᠷᠠᠳ ᠣᠶᠢᠷ᠎ᠠ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠬᠢᠵᠢᠭ ᠤᠨ ᠪᠠᠶᠢᠳᠠᠯ ᠳᠤ ᠬᠤᠯᠪᠣᠭᠳᠠᠬᠤ ᠡᠪᠡᠳᠴᠢᠲᠡᠨ ᠪᠤᠶᠤ ᠡᠪᠡᠳᠴᠢᠨ ᠤ ᠢᠯᠡᠷᠡᠯ ᠲᠠᠢ ᠬᠥᠮᠦᠨ ᠤ ᠡᠪᠡᠳᠴᠢᠨ ᠢ ᠡᠳᠡᠭᠡᠷᠡᠭᠰᠡᠨ ᠭᠠᠵᠠᠷ ᠣᠷᠣᠨ ᠢ ᠨᠢᠭᠲᠠ ᠠᠩᠬᠠᠷᠴᠤ᠂ ᠬᠠᠷᠪᠢᠨ ᠬᠤᠲᠠ ᠶᠢᠨ ᠰᠢᠶᠠᠩ ᠹᠠᠩ ᠲᠣᠭᠤᠷᠢᠭ ᠴᠢᠩᠳᠣᠤ ᠬᠤᠲᠠ ᠰᠧᠴᠤᠸᠠᠨ ᠮᠤᠵᠢ ᠶᠢᠨ ᠠᠪᠠ ᠵᠧᠤ ᠶᠢᠨ ᠮᠤᠤ ᠰᠢᠶᠠᠨ ᠵᠡᠷᠭᠡ ᠭᠠᠵᠠᠷ ᠲᠤ ᠣᠴᠢᠵᠤ ᠪᠣᠯᠬᠤ ᠦᠭᠡᠶ ᠬᠡᠷᠪᠡ ᠬᠤᠯᠪᠣᠭᠳᠠᠯ ᠪᠦᠬᠦᠢ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠭᠠᠬᠤ ᠳᠤ ᠨᠡᠶᠢᠭᠡᠮ ᠲᠣᠭᠤᠷᠢᠭ ︵ᠲᠣᠰᠬᠤᠨ ᠤ ᠰᠠᠭᠤᠭᠠᠯᠢ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃      ᠬᠤᠶᠠᠷ᠂ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠬᠦᠷᠴᠦ ᠢᠷᠡᠬᠦ ᠪᠣᠯᠤᠯ᠎ᠠ᠂ ᠪᠠᠶᠠᠷ ᠤᠨ ᠡᠳᠦᠷ ᠤᠨ ᠬᠤᠭᠤᠴᠠᠭᠠᠨ ᠳᠤ ᠬᠥᠮᠦᠰ ᠤᠨ ᠰᠢᠯᠵᠢᠯᠲᠡ ᠶᠡᠭᠡ ᠪᠣᠯᠬᠤᠷ ᠵᠠᠮ ᠬᠠᠷᠢᠯᠴᠠᠭᠠᠨ ᠤ ᠪᠠᠭᠠᠵᠢ᠂ ᠨᠢᠰᠬᠡᠯ ᠤᠨ ᠪᠠᠭᠤᠳᠠᠯ ᠤᠨ ᠲᠡᠷᠭᠡᠨ ᠥᠷᠲᠡᠭᠡ ᠶᠢᠨ ᠬᠥᠮᠦᠰ ᠴᠤᠭᠯᠠᠷᠠᠭᠰᠠᠨ ᠠᠴᠠ ᠪᠣᠯᠵᠤ ᠬᠢᠵᠢᠭ ᠤᠨ ᠪᠠᠶᠢᠳᠠᠯ ᠳᠡᠯᠭᠡᠷᠡᠬᠦ ᠠᠴᠠ ᠵᠠᠶᠢᠯᠠᠰᠬᠢᠨ᠎ᠡ᠃ ᠠᠯᠢ ᠴᠢᠳᠠᠬᠤ ᠪᠠᠷ ᠭᠠᠳᠠᠭᠰᠢ ᠭᠠᠷᠬᠤ ᠶᠢ ᠪᠠᠭᠠᠰᠬᠠᠬᠤ ᠶᠢ ᠰᠠᠨᠠᠭᠤᠯᠵᠤ ᠪᠠᠢᠨ᠎ᠠ᠃      ᠭᠤᠷᠪᠠ᠂ ᠣᠯᠠᠨ ᠨᠡᠶᠢᠲᠡ ᠶᠢᠨ ᠲᠠᠯᠠᠪᠤᠷ ᠲᠤ ᠦᠷᠭᠦᠯᠵᠢ ᠰᠠᠯᠬᠢ ᠨᠡᠪᠲᠡᠷᠡᠭᠦᠯᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠶᠡᠭᠡ ᠬᠡᠪᠴᠢᠶᠡᠨ ᠤ ᠬᠥᠮᠦᠰ ᠴᠤᠭᠯᠠᠷᠠᠬᠤ ᠠᠵᠢᠯᠯᠠᠭ᠎ᠠ ᠶᠢ ᠪᠠᠭᠠᠰᠬᠠᠵᠤ᠂ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠲᠤ ᠠᠮᠠᠪᠴᠢ ᠵᠡᠭᠦᠬᠦ ᠶᠢ ᠰᠠᠨᠠᠭᠠᠴᠢᠯᠠᠵᠤ᠂ ᠴᠤᠭᠯᠠᠭᠠᠨ ᠳᠤ ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ ᠶᠢ ᠰᠠᠨᠠᠭᠠᠴᠢᠯᠠᠨ᠎ᠠ᠃     ᠳᠥᠷᠪᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠠᠷᠢᠨ ᠨᠢᠮᠪᠠᠶ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ᠂ ︽ᠰᠡᠷᠭᠡᠶᠢᠯᠡᠨ ᠡᠵᠡᠮᠳᠡᠬᠦ ᠲᠣᠭᠲᠠᠴᠠ᠂ ᠠᠵᠢᠯᠲᠠᠨ ᠠᠵᠢᠯᠴᠢᠨ ᠢ ᠵᠢᠭᠰᠠᠭᠠᠨ ᠪᠠᠶᠢᠴᠠᠭᠠᠬᠤ᠂ ᠪᠡᠯᠡᠳᠬᠡᠮᠵᠢ ᠡᠳ᠋ ᠪᠣᠳᠠᠰ᠂ ᠣᠷᠴᠢᠨ ᠲᠣᠭᠤᠷᠢᠨ ᠢ ᠤᠰᠠᠳᠬᠠᠬᠤ᠂ ᠠᠶᠤᠯ ᠦᠭᠡᠢ ᠦᠶ᠋ᠯᠡᠳᠪᠦᠷᠢᠯᠡᠬᠦ︾ ᠲᠠᠪᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠨ᠎ᠡ ᠪᠠᠷ ᠨᠡᠮᠡᠭᠳᠡᠭᠰᠡᠨ ᠬᠢᠵᠢᠭ ᠤᠨ ᠪᠠᠶᠢᠳᠠᠯ ᠳᠤ ᠬᠤᠯᠪᠣᠭᠳᠠᠬᠤ ᠡᠪᠡᠳᠴᠢᠲᠡᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠲᠠᠢ ᠬᠥᠮᠦᠨ ᠡᠳᠡᠭᠡᠷᠡᠭᠰᠡᠨ ᠭᠠᠵᠠᠷ ᠣᠷᠣᠨ ᠳᠤ ᠪᠤᠴᠠᠵᠤ ᠢᠷᠡᠭᠰᠡᠨ ᠬᠥᠮᠦᠰ ᠢ ᠨᠢᠭᠲᠠ ᠠᠩᠬᠠᠷᠴᠤ᠂ ᠲᠤᠰᠠᠭᠠᠷᠯᠠᠯ ᠪᠠ ᠪᠥᠭᠡᠮ ᠬᠦᠴᠢᠯ ᠢ ᠪᠠᠶᠢᠴᠠᠭᠠᠨ ᠬᠡᠮᠵᠢᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠲᠡᠷᠡ ᠳᠠᠷᠤᠶ ᠳᠤ ᠨᠢ ᠨᠠᠶᠢᠳᠠᠪᠤᠷᠢᠵᠢᠭᠤᠯᠬᠤ ᠬᠡᠷᠡᠭᠲᠡᠶ᠃      ᠲᠠᠪᠤ᠂ ᠬᠤᠪᠢ ᠬᠥᠮᠦᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠠᠷᠢᠭᠤᠳᠬᠠᠬᠤ ᠰᠠᠶᠢᠨ ᠳᠠᠳᠬᠠᠯ ᠲᠠᠢ ᠪᠣᠯᠵᠣ᠂ ᠬᠡᠷ ᠳᠣᠲᠣᠷᠠᠬᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠳᠡᠭ᠃ ᠠᠭᠠᠷ ᠤᠨ  ᠭᠦᠢᠯᠭᠡᠭᠡ ᠶᠢ ᠪᠠᠲᠤᠯᠠᠵᠤ᠂ ᠬᠤᠪᠢ ᠬᠥᠮᠦᠨ᠂ ᠭᠡᠷ ᠪᠦᠯᠢ ᠪᠠ ᠤᠯᠠᠨ ᠨᠡᠶᠢᠲᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠠᠩᠬᠠᠷᠬᠤ ᠬᠡᠷᠡᠭᠲᠡᠶ᠃ ᠤᠰᠤ ᠪᠠ ᠸᠢᠲ᠋ᠠᠮᠢᠨ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠸᠢᠲ᠋ᠠᠮᠢᠨ ᠡᠯᠪᠡᠭ ᠠᠭᠤᠯᠤᠭᠳᠠᠬᠤ ᠰᠢᠨ᠎ᠡ ᠰᠣᠷᠭᠤᠭ ᠢᠳᠡᠰᠢᠨ ᠨᠣᠭᠤᠭ᠎ᠠ᠂ ᠵᠢᠮᠢᠰ ᠢ ᠢᠯᠡᠭᠦᠬᠡᠨ ᠢᠳᠡᠵᠦ᠂ ᠡᠰᠡᠷᠭᠦᠴᠡᠬᠦ ᠴᠢᠳᠠᠯ ᠢ ᠨᠡᠮᠡᠭᠳᠡᠭᠦᠯᠦᠨ᠎ᠡ᠃ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ ᠢᠳᠡᠬᠦ ᠠᠴᠠ ᠡᠮᠦᠨ᠎ᠡ ᠤᠬᠢᠶᠠᠨ ᠴᠡᠪᠡᠷᠯᠡᠵᠦ᠂ ᠬᠤᠭᠤᠯᠠ ᠬᠢᠵᠦ ᠪᠣᠯ ᠪᠠᠰᠤᠷᠠᠭᠤᠯᠬᠤ ᠬᠡᠷᠡᠭᠲᠡᠢ᠃ ᠵᠢᠩᠭᠢᠨᠡᠬᠦ ᠠᠴᠠ ᠵᠠᠶᠢᠯᠠᠰᠬᠢᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠨᠡᠮᠡᠭᠳᠡᠭᠦᠯᠵᠦ᠂ ᠭᠦᠢᠴᠡᠳ ᠤᠨᠲᠠᠬᠤ ᠪᠠ ᠠᠮᠢᠳᠤᠷᠠᠯ ᠤᠨ ᠵᠢᠮ᠎ᠡ ᠶᠣᠰᠣ ᠶᠢ ᠪᠠᠲᠤᠯᠠᠨ᠎ᠠ᠃     ᠵᠢᠷᠭᠤᠭ᠎ᠠ᠂ ᠥᠪᠡᠷ ᠤᠨ ᠪᠡᠶ᠎ᠡ ᠪᠤᠶᠤ ᠣᠷᠴᠢᠨ ᠲᠣᠭᠤᠷᠢᠨ ᠤ ᠬᠥᠮᠦᠰ ᠨᠢᠰᠤ ᠭᠤᠭᠤᠵᠢᠬᠤ᠂ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠴᠢᠬᠤᠯᠳᠠᠬᠤ᠂ ᠠᠮᠢᠰᠬᠤᠯ ᠳᠠᠪᠬᠤᠴᠠᠬᠤ ᠵᠡᠷᠭᠡ ᠨᠢᠭᠡ ᠵᠦᠢᠯ ᠤᠨ ᠪᠤᠶᠤ ᠣᠯᠠᠨ ᠵᠦᠢᠯ ᠤᠨ ᠠᠮᠢᠰᠬᠤᠯ ᠤᠨ ᠵᠠᠮ ᠤᠨ ᠰᠢᠨᠵᠢ ᠲᠡᠮᠳᠡᠭ ᠢᠯᠡᠷᠡᠬᠦ ᠦᠶᠡᠰ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠵᠤ᠂ ᠠᠮᠠᠪᠴᠢ ᠵᠡᠬᠦᠵᠦ ᠂ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠳᠤ ᠴᠠᠭ ᠲᠤᠬᠠᠢ ᠳᠤᠨᠢ ᠬᠦᠷᠴᠦ ᠡᠮᠨᠡᠭᠦᠯᠵᠦ᠂ ᠥᠪᠡᠷᠲᠡᠭᠡᠨ ᠡᠮ ᠬᠡᠷᠡᠭᠯᠡᠬᠦ ᠶᠢ ᠴᠢᠩᠭ᠎ᠠ ᠴᠡᠭᠡᠷᠯᠡᠵᠦ᠂ ᠣᠨᠣᠰᠢᠯᠠᠬᠤ ᠪᠠ ᠡᠮᠨᠡᠨ ᠵᠠᠰᠠᠬᠤ ᠶᠢ ᠰᠠᠭᠠᠲᠠᠭᠠᠬᠤ ᠠᠴᠠ ᠵᠠᠶᠢᠯᠠᠰᠬᠢᠨ᠎ᠡ᠃     ᠳᠣᠯᠤᠭ᠎ᠠ᠂ ᠭᠠᠳᠠᠭᠠᠳᠤ ᠳᠤ ᠰᠠᠭᠤᠵᠤ ᠪᠠᠶᠢᠭᠰᠠᠨ ᠲᠡᠤᠬᠡ ᠲᠠᠢ ᠰᠠᠭᠤᠭᠠᠯᠢ ᠠᠷᠠᠳ ᠲᠤᠬᠠᠶ ᠶᠢᠨ ᠭᠠᠵᠠᠷ ᠲᠠᠢ ᠬᠠᠮᠵᠢᠯᠴᠠᠨ ᠲᠥᠪᠯᠡᠷᠡᠭᠦᠯᠦᠨ ᠲᠤᠰᠠᠭᠠᠷᠯᠠᠬᠤ ᠪᠠ ᠰᠢᠨ᠎ᠡ ᠲᠢᠲᠢᠮ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠬᠦ ᠬᠡᠷᠡᠭᠲᠡᠶ᠃ ᠭᠠᠳᠠᠷ ᠣᠷᠣᠨ ᠤ ᠪᠤᠴᠠᠵᠤ ᠢᠷᠡᠭᠰᠡᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠰᠠᠭᠤᠭ᠎ᠠ ᠭᠠᠵᠠᠷ ᠲᠠᠭᠠᠨ ᠪᠤᠴᠠᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠮᠡᠳᠡᠭᠦᠯᠬᠦ ᠬᠡᠷᠡᠭᠲᠡᠶ᠃    ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠨ ᠬᠡᠪᠰᠢᠭᠰᠡᠨ ᠡᠮᠨᠡᠯᠭᠡ ᠶᠢᠨ ᠬᠤᠷᠢᠶᠠᠨ ᠤ ᠰᠡᠷᠡᠮᠵᠢ ᠶᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠶ ᠰᠠᠶᠢᠲᠤᠷ ᠠᠳᠬᠤᠵᠤ᠂ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠡᠮᠨᠡᠯᠭᠡ ᠶᠢᠨ ᠠᠵᠢᠯᠲᠠᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠨᠢ ᠬᠤᠲᠠ ᠶᠢᠨ ᠠᠷᠠᠳ ᠨᠢᠭᠡᠪᠦᠷᠢ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ ᠨᠠᠩ ᠴᠤ ᠭᠦᠢᠴᠡᠳᠬᠡᠪᠡᠰᠦ ᠵᠣᠬᠢᠬᠤ ᠡᠭᠦᠷᠭᠡ ᠪᠣᠯᠤᠨ᠎ᠠ᠃ ᠣᠯᠠᠨ ᠢᠶᠠᠷ ᠢᠶᠠᠨ ᠡᠮᠴᠢᠯᠡᠭᠡᠨ ᠤ ᠪᠠᠶᠢᠭᠤᠯᠤᠮᠵᠢ᠂ ᠰᠤᠷᠭᠠᠭᠤᠯᠢ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠬᠤᠳᠠᠯᠳᠤᠭᠠᠨ ᠤ ᠬᠡᠲᠦ ᠳᠡᠯᠭᠡᠭᠦᠷ᠂ ᠬᠤᠭᠤᠯᠠᠨ ᠭᠡᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠵᠢᠵᠢᠭᠦᠷᠯᠡᠭᠴᠢᠳ᠂ ᠰᠠᠶᠢᠨ ᠳᠤᠷ᠎ᠠ ᠶᠢᠨ ᠠᠵᠢᠯᠯᠠᠭᠴᠢ ᠶᠢ ᠬᠦᠨᠳᠦᠳᠬᠡᠵᠦ᠂ ᠴᠠᠭ ᠢᠮᠠᠭᠲᠠ ᠭᠠᠵᠠᠷ ᠪᠣᠯᠭᠠᠨ ᠳᠤ ᠪᠣᠯᠪᠠᠰᠤᠨ ᠶᠣᠰᠣᠷᠬᠠᠭ ᠪᠠᠭᠲᠠᠭᠠᠮᠵᠢ ᠶᠢ ᠢᠯᠡᠷᠡᠭᠦᠯᠦᠨ᠎ᠡ᠃
   
               ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ                  ᠢ ᠰᠡᠷᠭᠡᠶᠢᠯᠡᠨ ᠡᠵᠡᠮᠳᠡᠬᠦ ᠠᠵᠢᠯ ᠶᠢᠨ ᠵᠢᠯᠣᠭᠤᠳᠬᠤ ᠭᠠᠵᠠᠷ
     
                                2020 ᠣᠨ ᠤ 9 ᠰᠠᠷ᠎ᠠ ᠶᠢᠨ 26 ᠤ ᠡᠳᠦᠷ
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号