ᠵᠠᠯᠠᠨ ᠠᠶᠢᠯ ᠬᠤᠲᠠ ᠶᠢᠨ 2020 ᠣᠨ ᠤ ᠠᠭᠤᠷᠬᠠᠶ ᠶᠢᠨ ᠭᠠᠵᠠᠷ ᠤᠨ ᠣᠷᠴᠢᠨ ᠠᠬᠤᠶ ᠶᠢᠨ ᠵᠠᠰᠠᠯᠲᠠ ᠶᠢᠨ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2020/10/14
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠪᠠᠶᠢᠭᠠᠯᠢ ᠶᠢᠨ ᠲᠦᠷᠢᠮ ᠲᠣᠭᠲᠠᠭᠠᠯ ︹ 2019 ︺ 3 ᠳ᠋ᠤᠭᠠᠷ ᠲᠣᠭᠠᠲᠤ︶ ᠪᠣᠯᠤᠨ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ︿ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ﹀ ᠬᠢᠨᠠᠯᠲᠠ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠤᠯᠤᠰ ᠤᠨ ᠭᠠᠵᠠᠷ ᠰᠢᠷᠣᠶ ᠡᠬᠢ ᠪᠠᠶᠠᠯᠢᠭ ︹ 2018 ︺ 827 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ᠂ ᠵᠠᠯᠠᠨ ᠠᠶᠢᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠ ᠬᠥᠯᠥᠨ ᠪᠤᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠲᠣᠪᠴᠢᠶ᠎ᠠ ᠬᠠᠮᠲᠤᠷᠠᠨ ᠵᠠᠯᠠᠨ ᠠᠶᠢᠯ ᠬᠤᠲᠠ ᠶᠢᠨ 2020 ᠤᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠪᠠᠶᠢᠴᠠᠭᠠᠭᠳᠠᠬᠤ ᠠᠭᠤᠷᠬᠠᠶ᠄ ᠵᠠᠯᠠᠨ ᠠᠶᠢᠯ ᠬᠤᠲᠠ ᠶᠢᠨ ᠹᠤᠩ ᠴᠢᠤᠸᠠᠨ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︔     ᠬᠤᠶᠠᠷ᠂ ᠪᠠᠶᠢᠴᠠᠭᠠᠬᠤ ᠠᠵᠢᠯᠲᠠᠨ᠄ ᠲᠦᠩ ᠯᠢᠨ᠂ ᠢᠦᠶ ᠬᠠᠶ ᠶᠠᠨ᠂ ᠹᠠᠨ ᠵᠢᠩ ᠺᠤᠸᠠᠨ︔     ᠭᠤᠷᠪᠠ᠂ ᠪᠠᠶᠢᠴᠠᠭᠠᠬᠤ ᠠᠭᠤᠯᠭ᠎ᠠ 1᠃ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠭᠤᠯᠬᠤ ᠲᠥᠰᠦᠯ︾ ᠢ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠭᠰᠠᠨ ᠪᠠ ᠳᠠᠩᠰᠠᠯᠠᠭᠤᠯᠤᠭᠰᠠᠨ ᠪᠠᠶᠢᠳᠠᠯ᠂ ᠠᠭᠤᠷᠬᠠᠶ ᠮᠠᠯᠲᠠᠬᠤ ᠡᠷᠬᠡ ᠲᠠᠢ ᠬᠥᠮᠦᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ ᠭᠦᠶ᠋ᠴᠡᠳᠬᠡᠭᠰᠡᠨ ᠪᠠᠶᠢᠳᠠᠯ︔2᠃ ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦᠨ ᠤ ᠲᠠᠩᠰᠠᠨ ᠡᠷᠦᠬᠡ ᠪᠠᠶᠢᠭᠤᠯᠬᠤ᠂ ᠰᠠᠭᠤᠷᠢ ᠮᠥᠩᠭᠦ ᠪᠤᠳᠤᠵᠤ ᠭᠠᠷᠭᠠᠵᠤ ᠠᠪᠬᠤ᠂ ᠰᠠᠭᠤᠷᠢ ᠮᠥᠩᠭᠦ ᠶᠢᠨ ᠵᠠᠷᠤᠯᠭ᠎ᠠ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠪᠠᠶᠢᠳᠠᠯ︔3᠃ ᠠᠭᠤᠷᠬᠠᠢ ᠶᠢᠨ ᠬᠠᠮᠢᠶ᠎ᠠ ᠪᠦᠬᠦᠢ ︽ᠭᠤᠷᠪᠠᠨ ᠬᠠᠶᠠᠭᠳᠠᠮᠠᠯ︾ ᠢ ᠰᠢᠶ᠋ᠳᠪᠦᠷᠢᠯᠡᠭᠰᠡᠨ ᠪᠠᠢᠳᠠᠯ ᠵᠢᠴᠢ ᠪᠣᠬᠢᠷᠲᠤᠯ ᠪᠣᠳᠠᠰ ᠢ ᠵᠠᠰᠠᠬᠤ ᠢᠨᠵᠧᠨᠧᠷᠢᠩ ᠤᠨ ᠪᠠᠢᠳᠠᠯ᠃     ᠳᠥᠷᠪᠡ᠂ ᠪᠠᠶᠢᠴᠠᠭᠠᠬᠤ ᠴᠠᠭ᠄ 2020 ᠣᠨ ᠤ 10 ᠳ᠋ᠤᠭᠠᠷ ᠰᠠᠷ᠎ᠠ ᠶᠢᠨ 20 ᠤ ᠡᠳᠦᠷ᠃     ᠲᠣᠰ ᠢᠯᠡ ᠨᠡᠶᠢᠲᠡᠯᠡᠬᠦ ᠬᠤᠭᠤᠴᠠᠭ᠎ᠠ ᠨᠢ 15 ᠠᠵᠢᠯᠯᠠᠬᠤ ᠡᠳᠦᠷ ᠪᠣᠯᠤᠨ᠎ᠠ ︵2020 ᠣᠨ ᠤ 9 ᠰᠠᠷ᠎ᠠ ᠶᠢᠨ 25 ᠤ ᠡᠳᠦᠷ ᠠᠴᠠ ᠡᠬᠢᠯᠡᠨ 2020 ᠣᠨ ᠤ 10 ᠰᠠᠷ᠎ᠠ ᠶᠢᠨ 19 ᠤ ᠡᠳᠦᠷ ᠳᠠᠭᠤᠰᠤᠨ᠎ᠠ︶᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠤ ᠰᠠᠨᠠᠯ ᠲᠠᠢ ᠪᠠᠶᠢᠪᠠᠯ᠂ ᠤᠲᠠᠰᠤᠳᠠᠵᠤ ᠤᠲᠠᠰᠤᠳᠠᠭᠠᠷᠠᠶ᠄ 0470 — 3219128᠃
   
                             2020 ᠣᠨ ᠤ 9 ᠰᠠᠷ᠎ᠠ ᠶᠢᠨ 25 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号