ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2020/10/14
     ᠣᠶᠢᠷ᠎ᠠ ᠳᠤ᠂ ᠴᠢᠩᠳᠣᠤ ᠬᠤᠲᠠ ᠳᠤ ᠰᠢᠨ᠎ᠡ ᠪᠠᠷ 6 ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠭᠰᠠᠨ ᠡᠪᠡᠳᠴᠢᠨ ᠤ ᠵᠢᠱᠢᠶ᠎ᠡ ᠭᠠᠷᠪᠠ᠃ 6 ᠰᠢᠨᠵᠢ ᠲᠡᠮᠳᠡᠭ ᠥᠬᠡᠶ ᠬᠠᠯᠳᠠᠪᠤᠷᠢᠯᠠᠭᠰᠠᠨ ᠬᠥᠮᠦᠨ ᠰᠢᠨ᠎ᠡ ᠪᠠᠷ ᠨᠡᠮᠡᠭᠳᠡᠵᠦ᠂ ᠣᠳᠣᠬᠠᠨ ᠳᠤ ᠢᠯᠡᠷᠡᠭᠦᠯᠦᠭᠰᠡᠨ ᠪᠣᠶ ᠪᠥᠬᠦᠶ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠰᠢᠨᠵᠢ ᠲᠡᠮᠳᠡᠭ ᠥᠬᠡᠶ ᠬᠠᠯᠳᠠᠪᠤᠷᠢᠯᠠᠭᠰᠠᠨ ᠬᠥᠮᠦᠨ ᠴᠥᠮ ᠴᠢᠩᠳᠣᠤ ᠬᠤᠲᠠ ᠶᠢᠨ ᠴᠡᠭᠡᠵᠢᠨ ᠡᠮᠨᠡᠯᠭᠡ ᠶᠢᠨ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠬᠤᠯᠪᠣᠭ᠎ᠠ ᠲᠠᠢ᠃ ︽ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ᠂ ᠳᠣᠲᠣᠭᠠᠳᠤ ᠰᠡᠷᠭᠡᠶᠢᠯᠡᠯᠲᠡ ᠶᠢᠨ ᠳᠠᠬᠢᠨ ᠰᠡᠷᠭᠦᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ ᠶᠢᠨ ᠳᠥᠯᠦᠭᠡ ᠣᠳᠣᠬᠠᠨ ᠳᠤ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠭ᠎ᠠ ᠳᠤᠷᠠᠳᠤᠶ᠎ᠠ᠄      ᠨᠢᠭᠡ᠂ ᠥᠷᠭᠡᠨ ᠣᠯᠠᠨ ᠬᠤᠲᠠ ᠶᠢᠨ ᠠᠷᠠᠳ ᠴᠢᠩᠳᠣᠤ ᠬᠤᠲᠠ ᠶᠢᠨ ᠨᠡᠶᠢᠲᠡᠯᠡᠭᠰᠡᠨ ᠡᠪᠡᠳᠴᠢᠨ ᠤ ᠰᠢᠨᠵᠢ ᠦᠭᠡᠢ ᠬᠠᠯᠳᠠᠪᠤᠷᠢᠯᠠᠭᠴᠢ ᠶᠢᠨ ᠠᠵᠢᠯᠯᠠᠭᠠᠨ ᠤ ᠵᠠᠮ ᠮᠥᠷ ᠢ ᠠᠩᠬᠠᠷᠤᠭᠠᠷᠠᠶ᠃ ᠣᠳᠣ ᠮᠠᠨ ᠤ ᠬᠤᠲᠠ ᠳᠤ ᠰᠠᠭᠤᠵᠤ ᠪᠠᠶᠢᠭ᠎ᠠ᠂ ᠴᠢᠩᠳᠣᠤ ᠬᠤᠲᠠ ᠶᠢᠨ ᠡᠪᠡᠳᠴᠢᠨ ᠤ ᠰᠢᠨᠵᠢ ᠲᠡᠮᠳᠡᠭ ᠦᠭᠡᠶ ᠬᠠᠯᠳᠠᠪᠤᠷᠢᠯᠠᠭᠰᠠᠳ ᠤᠨ ᠵᠠᠮ ᠮᠥᠷ ᠲᠠᠢ ᠣᠭᠲᠣᠯᠤᠯᠴᠠᠨ ᠴᠤᠭᠯᠠᠷᠠᠵᠤ᠂ ᠣᠨᠴᠠᠭᠠᠶᠢᠯᠠᠨ 9 ᠰᠠᠷ᠎ᠠ ᠶᠢᠨ 27 ᠤ ᠡᠳᠦᠷ ᠠᠴᠠ ᠣᠳᠣ ᠪᠣᠯᠲᠠᠯ᠎ᠠ ᠳᠣᠤᠷᠠᠬᠢ ᠪᠠᠢᠳᠠᠯ ᠲᠠᠢ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠲᠣᠮᠢᠯᠠᠭᠰᠠᠨ ᠰᠠᠯᠪᠤᠷᠢ ᠳᠤ ᠳᠠᠩᠰᠠᠯᠠᠭᠤᠯᠤᠨ ᠮᠡᠳᠡᠭᠦᠯᠵᠦ ᠳᠠᠩᠰᠠᠯᠠᠭᠤᠯᠤᠭᠠᠷᠠᠶ᠃ ᠡᠭᠦᠨ ᠤ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢ ᠰᠠᠨᠠᠭᠤᠯᠵᠠᠶ᠃ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠳᠠᠷᠦ᠋ᠢᠬᠠᠨ ᠬᠦᠷᠴᠦ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠡᠷᠡᠭᠦᠯ ᠮᠡᠨᠳᠦ ᠶᠢᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃︵ᠨᠢᠭᠡ︶ ᠴᠢᠩᠳᠣᠤ ᠬᠤᠳᠠ ᠶᠢᠨ ᠣᠷᠣᠨ ᠰᠠᠭᠤᠴᠠ ᠶᠢᠨ ᠲᠡᠤᠬᠡ︔︵ᠬᠤᠶᠠᠷ︶ ᠴᠢᠩᠳᠣᠤ ᠬᠤᠲᠠ ᠶᠢᠨ ᠴᠡᠭᠡᠵᠢᠨ ᠡᠮᠨᠡᠯᠭᠡ ᠶᠢᠨ ᠬᠤᠷᠢᠶ᠎ᠠ ᠳᠤ ᠬᠦᠷᠴᠦ ᠥᠩᠭᠡᠷᠡᠭᠰᠡᠨ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠪᠠ ᠰᠤᠪᠢᠯᠠᠭᠴᠢ ᠲᠠᠢ ᠣᠶᠢᠷᠠᠳᠴᠤ ᠥᠩᠭᠡᠷᠡᠭᠰᠡᠨ︔︵ᠭᠤᠷᠪᠠ︶ ᠣᠶᠢᠷ᠎ᠠ ᠶᠢᠨ ᠬᠤᠭᠤᠴᠠᠭᠠᠨ ᠳᠤ ᠴᠢᠩᠳᠣᠤ ᠬᠤᠲᠠ ᠠᠴᠠ ᠬᠢᠯᠢ ᠳᠤ ᠣᠷᠣᠵᠤ ᠢᠷᠡᠭᠰᠡᠨ ᠬᠥᠮᠦᠰ ᠲᠠᠢ ᠣᠶ ᠢᠷᠠᠲᠤᠵᠤ ᠥᠩᠭᠡᠷᠡᠭᠰᠡᠨ︔︵ᠳᠥᠷᠪᠡᠨ︶ ᠴᠢᠩᠳᠣᠤ ᠬᠤᠲᠠ ᠶᠢᠨ ᠡᠮᠦᠨ᠎ᠡ ᠲᠣᠭᠤᠷᠢᠭ᠂ ᠬᠤᠲᠠ ᠶᠢᠨ ᠬᠤᠶᠢᠲᠤ ᠲᠣᠭᠤᠷᠢᠭ᠂ ᠯᠢ ᠼᠠᠩ ᠲᠣᠭᠤᠷᠢᠭ᠂ ᠯᠣᠣᠱᠠᠨ ᠲᠣᠭᠤᠷᠢᠭ᠂ ᠴᠧᠩ ᠶᠠᠩ ᠲᠣᠭᠤᠷᠢᠭ ᠲᠠᠢ ᠣᠢᠷᠠᠲᠤᠵᠤ ᠥᠩᠭᠡᠷᠡᠭᠰᠡᠨ ᠬᠤᠲᠠ ᠶᠢᠨ ᠠᠷᠠᠳ        ᠬᠤᠶᠠᠷ᠂ ᠥᠷᠭᠡᠨ ᠤᠯᠠᠨ ᠬᠤᠳᠠ ᠶᠢᠨ ᠠᠷᠠᠳ ᠴᠢᠬᠤᠯᠠ ᠦᠭᠡᠢ ᠪᠣᠯ ᠤᠢᠢᠷ᠎ᠠ ᠶᠢᠨ ᠬᠤᠭᠤᠴᠠᠭᠠᠨ ᠳᠤ ᠴᠢᠩᠳᠣᠤ ᠬᠤᠳᠠ ᠳᠤ ᠣᠴᠢᠵᠤ ᠪᠣᠯᠬᠤ ᠦᠭᠡᠢ᠃ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ᠂ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠵᠣᠬᠢᠴᠠᠩᠭᠤᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠭᠠᠷᠠᠶ᠃       ᠭᠤᠷᠪᠠ᠂ ᠥᠷᠭᠡᠨ ᠣᠯᠠᠨ ᠬᠤᠲᠠ ᠶᠢᠨ ᠠᠷᠠᠳ ᠴᠠᠭ ᠢᠮᠠᠭᠲᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠪᠠᠲᠤᠯᠠᠵᠤ᠂ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ︶᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠬᠡᠷᠡᠭᠲᠡᠶ︔ ᠣᠪᠣᠭᠠᠯᠠᠬᠤ ᠦᠭᠡᠢ ᠂ ᠴᠤᠭᠯᠠᠷᠠᠬᠤ ᠦᠭᠡᠢ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃      ᠳᠥᠷᠪᠡ᠂ ᠬᠠᠯᠠᠭᠤᠷᠠᠬᠤ᠂ ᠬᠠᠨᠢᠶᠠᠯᠭᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠰᠢᠨᠵᠢ ᠢᠯᠡᠷᠡᠪᠡᠯ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠡᠰ ᠤᠨ ᠠᠮᠠᠪᠴᠢ ᠵᠡᠭᠦᠬᠦ ᠬᠡᠷᠡᠭᠲᠡᠶ᠂ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠂ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠤ ᠰᠠᠭᠤᠬᠤ ᠠᠴᠠ ᠠᠯᠢ ᠪᠣᠯᠬᠤ ᠪᠠᠷ ᠵᠠᠶᠢᠯᠠᠰᠬᠢᠬᠦ ᠬᠡᠷᠡᠭᠲᠡᠶ᠃          ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠬᠠᠯᠳᠠᠪᠤᠷᠢᠯᠠᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
   
                          2020 ᠣᠨ ᠤ 10 ᠰᠠᠷ᠎ᠠ ᠶᠢᠨ 12 ᠤᠨ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号