︵80 ᠳ᠋ᠤᠭᠠᠷ ᠲᠣᠭᠠᠲᠤ︶ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/10/14
       2020 ᠣᠨ ᠤ 10 ᠰᠠᠷ᠎ᠠ ᠶᠢᠨ 11 ᠤ ᠡᠳᠦᠷ᠂ ᠴᠢᠩᠳᠣᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮ ᠬᠡᠯᠪᠡᠷᠢᠲᠦ ᠸᠢᠷᠦ᠋ᠰ ᠤᠨ ᠠᠭᠤᠰᠬᠢᠨ ᠦᠷᠪᠢᠰᠦᠯ ᠤᠨ ᠢᠯᠡᠷᠡᠯ ᠦᠭᠡᠶ ᠬᠠᠯᠳᠠᠪᠤᠷᠢᠯᠠᠭᠰᠠᠳ ᠢ 3 ᠰᠢᠨ᠎ᠡ ᠪᠠᠷ ᠨᠡᠮᠡᠭᠳᠡᠭᠦᠯᠵᠦ᠂ ᠴᠢᠩᠳᠣᠤ ᠬᠤᠲᠠ ᠳᠠᠷᠦ᠋ᠢᠬᠠᠨ ᠶᠡᠭᠡ ᠬᠡᠪᠴᠢᠶᠡᠲᠦ ᠤᠷᠤᠰᠬᠠᠯ ᠢ ᠵᠣᠬᠢᠴᠠᠭᠤᠯᠤᠨ ᠲᠥᠷᠥᠯ ᠬᠤᠪᠢᠶᠠᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠡᠶ᠃ 10 ᠰᠠᠷ᠎ᠠ ᠶᠢᠨ 11 ᠤ ᠣᠷᠣᠢ ᠪᠣᠯᠲᠠᠯ᠎ᠠ ᠴᠢᠩᠳᠣᠤ ᠬᠤᠲᠠ ᠳᠤ ᠨᠡᠶᠢᠲᠡ 6 ᠡᠪᠡᠳᠴᠢᠲᠡᠨ ᠣᠨᠣᠰᠢᠯᠠᠵᠤ᠂ ᠡᠪᠡᠳᠴᠢᠨ ᠤ ᠰᠢᠨᠵᠢ ᠦᠭᠡᠢ ᠬᠠᠯᠳᠠᠪᠤᠷᠢᠯᠠᠭᠰᠠᠳ 6 ᠵᠢᠱᠢᠶ᠎ᠡ ᠨᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠᠷ ᠳᠠᠮᠵᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠩᠬ᠎ᠠ ᠠᠯᠬᠤᠮ ᠮᠠᠭᠠᠳᠯᠠᠭᠰᠠᠨ ᠨᠢ᠂ ᠳᠡᠭᠡᠷᠡᠬᠢ ᠡᠪᠡᠳᠴᠢᠨ ᠤ ᠵᠢᠱᠢᠶ᠎ᠡ ᠨᠢ ᠴᠥᠮ ᠴᠢᠩᠳᠣᠤ ᠬᠤᠲᠠ ᠶᠢᠨ ᠴᠡᠭᠡᠵᠢᠨ ᠡᠮᠨᠡᠯᠭᠡ ᠶᠢᠨ ᠬᠤᠷᠢᠶ᠎ᠠ ᠲᠠᠢ ᠬᠤᠯᠪᠣᠭ᠎ᠠ ᠲᠠᠢ ᠶᠤᠮ᠃ ᠴᠢᠩᠳᠣᠤ ᠬᠤᠲᠠ ᠶᠢᠨ ᠬᠢᠵᠢᠭ ᠤᠨ ᠪᠠᠢᠳᠠᠯ ᠳᠤ ᠴᠢᠭᠯᠡᠭᠦᠯᠦᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄       ᠨᠢᠭᠡ᠂ ᠥᠷᠭᠡᠨ ᠣᠯᠠᠨ ᠬᠤᠲᠠ ᠶᠢᠨ ᠠᠷᠠᠳ ᠴᠢᠩᠳᠣᠤ ᠬᠤᠲᠠ ᠶᠢᠨ ᠨᠡᠶᠢᠲᠡᠯᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠠᠵᠢᠯᠯᠠᠭᠠᠨ ᠤ ᠵᠠᠮ ᠮᠥᠷ ᠢ ᠨᠢᠭᠲᠠ ᠠᠩᠬᠠᠷᠬᠤ ᠬᠡᠷᠡᠭᠲᠡᠶ᠃ ᠣᠳᠣ ᠮᠠᠨ ᠤ ᠬᠤᠲᠠ ᠳᠤ ᠰᠠᠭᠤᠵᠤ ᠪᠠᠢᠭ᠎ᠠ᠂ ᠴᠢᠩᠳᠣᠤ ᠬᠤᠲᠠ ᠶᠢᠨ ᠨᠡᠶᠢᠲᠡᠯᠡᠭᠰᠡᠨ ᠣᠨᠣᠰᠢᠯᠠᠭᠰᠠᠨ ᠡᠪᠡᠳᠴᠢᠲᠡᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠤᠨ ᠵᠠᠮ ᠮᠥᠷ ᠲᠠᠢ ᠰᠣᠯᠪᠢᠴᠠᠨ ᠴᠤᠭᠯᠠᠷᠠᠵᠤ᠂ ᠢᠯᠠᠩᠭᠤᠶ᠎ᠠ 9 ᠰᠠᠷ᠎ᠠ ᠶᠢᠨ 30 ᠤ ᠡᠳᠦᠷ ᠠᠴᠠ ᠨᠠᠰᠢ ᠴᠢᠩᠳᠣᠤ ᠬᠤᠲᠠ ᠶᠢᠨ ᠴᠡᠭᠡᠵᠢᠨ ᠤ ᠡᠮᠨᠡᠯᠭᠡ ᠶᠢᠨ ᠬᠤᠷᠢᠶ᠎ᠠ᠂ ᠡᠮᠨᠡᠯᠭᠡ ᠶᠢᠨ ᠡᠪᠡᠳᠴᠢᠲᠡᠨ ᠲᠠᠢ ᠣᠶᠢᠷᠠᠲᠤᠵᠤ ᠥᠩᠭᠡᠷᠡᠭᠰᠡᠨ᠂ ᠳᠡᠭᠡᠷᠡᠬᠢ ᠬᠥᠮᠦᠰ ᠲᠠᠢ ᠣᠶᠢᠷᠠᠲᠤᠵᠤ ᠥᠩᠭᠡᠷᠡᠭᠰᠡᠨ ᠬᠥᠮᠦᠰ᠂ ᠣᠶᠢᠷ᠎ᠠ ᠳᠤ ᠴᠢᠩᠳᠣᠤ ᠬᠤᠲᠠ ᠠᠴᠠ ᠣᠷᠣᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠲᠤ ᠬᠠᠮᠢᠶ᠎ᠠ ᠪᠦᠬᠦᠢ ᠪᠠᠶᠢᠳᠠᠯ ᠢ ᠮᠡᠳᠡᠭᠦᠯᠵᠦ᠂ ᠲᠣᠰᠬᠤᠨ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠰᠢᠶᠠᠩ ᠪᠠᠯᠭᠠᠰᠤ᠂ ᠵᠡᠭᠡᠯᠢ ᠭᠤᠳᠤᠮ ᠶᠢ᠂ ᠲᠣᠰᠬᠤᠨ᠂ ᠨᠡᠶᠢᠭᠡᠮ ᠲᠣᠭᠤᠷᠢᠭ ᠤᠨ ᠪᠤᠰᠤᠳ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃       ᠬᠤᠶᠠᠷ᠂ 9 ᠰᠠᠷ᠎ᠠ ᠶᠢᠨ 30 ᠤ ᠡᠳᠦᠷ ᠠᠴᠠ ᠨᠠᠰᠢ᠂ ᠴᠢᠩᠳᠣᠤ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠪᠤᠰᠤᠳ ᠬᠥᠮᠦᠰ᠂ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠦᠭᠡᠶ ᠪᠣᠯ ᠰᠠᠨᠠᠭᠠᠴᠢᠯᠠᠭ᠎ᠠ ᠠᠴᠠ ᠪᠠᠨ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠲᠤ ᠬᠠᠮᠢᠶ᠎ᠠ ᠪᠦᠬᠦᠢ ᠪᠠᠶᠢᠳᠠᠯ ᠢᠶᠠᠨ ᠮᠡᠳᠡᠭᠦᠯᠵᠦ᠂ ᠲᠣᠰᠬᠤᠨ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ ᠰᠢᠶᠠᠩ ᠪᠠᠯᠭᠠᠰᠤ᠂ ᠵᠡᠭᠡᠯᠢ ᠭᠤᠳᠤᠮᠵᠢ᠂ ᠲᠣᠰᠬᠤᠨ᠂ ᠨᠡᠶᠢᠭᠡᠮ ᠲᠣᠭᠤᠷᠢᠭ ᠤᠨ ᠪᠤᠰᠤᠳ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ᠃      ᠭᠤᠷᠪᠠ᠂ ᠥᠷᠭᠡᠨ ᠣᠯᠠᠨ ᠬᠤᠲᠠ ᠶᠢᠨ ᠠᠷᠠᠳ ᠦᠷ᠎ᠡ ᠶᠢᠨ ᠬᠤᠭᠤᠴᠠᠭᠠᠨ ᠳᠤ ᠴᠢᠩᠳᠣᠤ ᠳᠤ ᠣᠴᠢᠵᠤ ᠪᠣᠯᠬᠤ ᠦᠭᠡᠢ ᠭᠡᠵᠦ ᠰᠠᠨᠠᠭᠤᠯᠵᠤ᠂ ᠬᠡᠷᠪᠡ ᠦᠨᠡᠨ ᠬᠦ ᠴᠢᠩᠳᠣᠤ ᠳᠤ ᠣᠴᠢᠬᠤ ᠴᠢᠬᠤᠯᠠ ᠲᠠᠢ ᠪᠣᠯ᠂ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠴᠢᠩᠳᠣᠤ ᠬᠤᠲᠠ ᠠᠴᠠ ᠪᠤᠴᠠᠵᠤ ᠢᠷᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠮᠠᠨ ᠤ ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠬᠡᠷᠡᠭᠲᠡᠶ᠃      ᠳᠥᠷᠪᠡ᠂ ᠥᠷᠭᠡᠨ ᠣᠯᠠᠨ ᠲᠦᠮᠡᠨ ᠴᠠᠭ ᠢᠮᠠᠭᠲᠠ ᠬᠤᠪᠢ ᠬᠥᠮᠦᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠪᠠᠲᠤᠯᠠᠵᠤ᠂ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ︶᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠦᠷᠭᠦᠯᠵᠢ ᠨᠡᠪᠲᠡᠷᠡᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠡᠷᠡᠭᠦᠯ ᠬᠠᠮᠠᠭᠠᠯᠠᠯ ᠤᠨ ᠳᠠᠳᠬᠠᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠬᠡᠷᠡᠭᠲᠡᠶ᠃
   
                ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠬᠠᠯᠳᠠᠪᠤᠷᠢᠯᠠᠯᠰᠡᠷᠭᠡᠶᠢᠯᠡᠨ ᠡᠵᠡᠮᠳᠡᠬᠦ ᠠᠵᠢᠯ ᠶᠢᠨ ᠵᠢᠯᠣᠭᠤᠳᠬᠤ ᠭᠠᠵᠠᠷ
 
                             2020 ᠣᠨ ᠤ 10 ᠰᠠᠷ᠎ᠠ ᠶᠢᠨ 12 ᠤᠨ ᠡᠳᠦᠷ
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号