ᠢᠷᠭᠡᠨ ᠤ ᠬᠠᠤᠯᠢ ᠶᠢᠨ ᠪᠢᠴᠢᠭ ᠲᠤ ᠭᠡᠷ᠎ᠡ ᠶᠢᠨ ᠬᠠᠤᠯᠢ ᠶᠢᠨ ᠰᠠᠭᠤᠷᠢᠨ ᠳᠡᠭᠡᠷ᠎ᠡ ︽ᠠᠷᠠᠯᠵᠢᠶ᠎ᠠ ᠮᠠᠶᠢᠮᠠᠶ | ᠬᠢᠬᠦ ᠳᠤ ᠲᠦᠷᠢᠶᠡᠰᠣᠯᠡᠬᠦ ᠶᠢ ᠡᠪᠳᠡᠬᠦ ᠦᠬᠡᠢ︾ ᠲᠦᠷᠢᠮ ᠪᠠ ᠲᠦᠷᠢᠶᠡᠰᠦᠯᠡᠭᠴᠢ ᠶᠢᠨ ︽ᠤᠷᠢᠳᠠᠪᠠᠷ ᠬᠤᠳᠠᠯᠳᠤᠨ | ᠠᠪᠬᠤ ᠡᠷᠬᠡ︾ ᠶᠢᠨ ᠲᠦᠷᠢᠮ ᠢ ᠪᠦᠷᠢᠨᠰᠢᠬᠦᠯᠦᠭᠰᠡᠨ ᠪᠦᠭᠡᠳ ᠪᠠᠰᠠ ︽ᠤᠷᠢᠳᠠᠪᠠᠷ ᠲᠦᠷᠢᠶᠡᠰᠦᠯᠡᠬᠦ ᠡᠷᠬᠡ︾ ᠶᠢᠨ | ᠲᠦᠷᠢᠮ ᠢ ᠰᠢᠨ᠎ᠡ ᠪᠠᠷ ᠨᠡᠮᠡᠵᠤ ᠤᠷᠤᠭᠤᠯᠤᠬᠰᠠᠨ ᠨᠢ ᠲᠦᠷᠢᠶᠡᠰᠦᠯᠡᠬᠦ ᠬᠠᠷᠢᠴᠠᠭ᠎ᠠ ᠶᠢ ᠲᠣᠭᠲᠠᠪᠤᠷᠢᠵᠢᠭᠤᠯᠬᠤ᠂ | ᠲᠦᠷᠢᠶᠡᠰᠦᠯᠡᠭᠴᠢ ᠶᠢᠨ ᠠᠰᠢᠭ ᠲᠤᠰᠠ ᠶᠢ ᠬᠠᠮᠠᠭᠠᠯᠠᠬᠤ ᠳᠤ ᠠᠰᠢᠭᠳᠠᠢ ᠶᠤᠮ᠃ | ᠭᠡᠷ ᠲᠦᠷᠢᠶᠡᠰᠦᠯᠡᠬᠦ ᠬᠤᠭᠤᠴᠠᠭᠠᠨ ᠳᠤ ᠭᠡᠷ ᠪᠠᠢᠰᠢᠩ ᠢ ᠬᠤᠳᠠᠯᠳᠤᠪᠠᠯ ᠶᠠᠭᠠᠬᠢᠬᠤ ᠪᠣᠶ | ᠢᠷᠭᠡᠨ ᠤ ᠬᠠᠤᠯᠢ ᠶᠢᠨ ᠪᠢᠴᠢᠭ ᠤᠨ ᠳᠣᠯᠣᠭᠠᠨ ᠵᠠᠭᠤ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ | ᠦᠨᠲᠦᠰᠦᠯᠡᠪᠡᠯ᠂ ᠲᠦᠷᠢᠶᠡᠰᠦᠨ ᠡᠳ᠋ ᠨᠢ ᠲᠦᠷᠢᠶᠡᠰᠦᠯᠡᠭᠴᠢ ᠶᠢᠨ ᠲᠦᠷᠢᠶᠡᠰᠦᠯᠡᠬᠦ ᠭᠡᠷ᠎ᠡ ᠶᠢᠨ ᠬᠤᠭᠤᠴᠠᠭᠠᠨ | ᠳᠣᠲᠣᠷ᠎ᠠ ᠥᠮᠴᠢᠯᠡᠯ ᠤᠨ ᠡᠷᠬᠡ ᠶᠢᠨ ᠬᠤᠪᠢᠷᠠᠯᠲᠠ ᠭᠠᠷᠤᠭᠰᠠᠨ ᠪᠠᠶᠢᠪᠠᠯ᠂ ᠲᠦᠷᠢᠶᠡᠰᠦᠯᠡᠬᠦ ᠭᠡᠷ᠎ᠡ ᠶᠢᠨ ᠬᠦᠴᠦᠨ ᠢ | ᠨᠦᠯᠣᠭᠡᠯᠡᠬᠦ ᠦᠭᠡᠢ᠃ ᠵᠢᠱᠢᠶᠡᠯᠡᠪᠡᠯ᠂ ᠯᠢ ᠣᠪᠣᠭᠳᠤ ᠪᠣᠯᠤᠨ ᠸᠠᠩ ᠣᠪᠣᠭᠳᠤ ᠭᠡᠷ ᠲᠦᠷᠢᠶᠡᠰᠦᠯᠡᠬᠦ ᠭᠡᠷ᠎ᠡ ᠳᠤ | ᠭᠠᠷ ᠤᠨ ᠦᠰᠦᠭ ᠵᠢᠷᠤᠵᠤ᠂ ᠯᠢ ᠣᠪᠣᠭᠳᠤ ᠨᠢ ᠸᠠᠩ ᠣᠪᠣᠭᠳᠤ ᠶᠢᠨ ᠨᠢᠭᠡ ᠢᠵᠢ ᠭᠡᠷ ᠢ ᠲᠦᠷᠢᠶᠡᠰᠦᠯᠡᠨ ᠠᠪᠴᠤ | ᠂ ᠲᠦᠷᠢᠶᠡᠰᠦᠯᠡᠬᠦ ᠬᠤᠭᠤᠴᠠᠭ᠎ᠠ ᠨᠢ ᠡᠨᠡ ᠵᠢᠯ ᠤᠨ 8 ᠰᠠᠷ᠎ᠠ ᠠᠴᠠ ᠢᠷᠡᠬᠦ ᠵᠢᠯ ᠤᠨ 8 ᠰᠠᠷ᠎ᠠ ᠪᠣᠯᠤᠨ᠎ᠠ᠃ ᠬᠡᠷᠪᠡ | 2021 ᠣᠨ ᠤ 3 ᠰᠠᠷ᠎ᠠ ᠳᠤ ᠸᠠᠩ ᠣᠪᠣᠭᠳᠤ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠭᠦᠭᠰᠡᠨ ᠳᠤ | ᠵᠠᠩ ᠣᠪᠣᠭᠲᠤ ᠡᠨᠡ ᠭᠡᠷ ᠠᠴᠠ ᠨᠡᠭᠦᠵᠦ ᠭᠠᠷ ᠭᠡᠵᠦ ᠯᠢ ᠣᠪᠣᠭᠲᠤ ᠶᠢ ᠱᠠᠭᠠᠷᠳᠠᠪᠠ᠃ ᠲᠡᠭᠡᠪᠡᠯ ᠯᠢ ᠣᠪᠣᠭᠲᠤ | ᠦᠷᠭᠦᠯᠵᠢᠯᠡᠨ ᠠᠳᠡ ᠰᠠᠭᠤᠬᠤ ᠡᠷᠬᠡ ᠲᠠᠢ ᠭᠡᠵᠦ ᠶᠤᠰᠤ ᠲᠡᠬᠦᠯᠲᠡᠷ ᠣᠮᠤᠭ ᠲᠡᠭᠦᠯᠳᠡᠷ ᠬᠡᠯᠡᠵᠦ ᠪᠤᠯᠤᠨ᠎ᠠ᠃ | ᠤᠴᠢᠷ ᠨᠢ ᠡᠨᠡ ᠭᠡᠷ ᠤᠨ ᠥᠮᠴᠢᠯᠡᠭᠴᠢ ᠨᠢ ᠸᠠᠩ ᠣᠪᠣᠭᠳᠤ ᠠᠴᠠ ᠵᠠᠩ ᠣᠪᠣᠭᠲᠤ ᠪᠣᠯᠵᠤ ᠬᠤᠪᠢᠷᠠᠭᠰᠠᠨ ᠴᠤ ᠯᠢ | ᠣᠪᠣᠭᠲᠤ ᠪᠣᠯᠤᠨ ᠸᠠᠩ ᠣᠪᠣᠭᠳᠤ ᠶᠢᠨ ᠬᠤᠭᠤᠷᠣᠨᠳᠣᠬᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠮᠥᠨ ᠬᠦ | ᠬᠦᠴᠦᠨ ᠲᠠᠢ ᠪᠠᠶᠢᠳᠠᠭ᠃ ᠡᠨᠡ ᠪᠣᠯ ᠳᠠᠷᠤᠶ ︽ᠠᠷᠠᠯᠵᠢᠶ᠎ᠠ ᠮᠠᠶᠢᠮᠠᠶ ᠬᠢᠬᠦ ᠳᠤ ᠲᠦᠷᠢᠶᠡᠰᠣᠯᠡᠬᠦ ᠶᠢ ᠡᠪᠳᠡᠬᠦ ᠦᠭᠡᠢ︾ | ᠳᠦᠷᠢᠮ ᠪᠣᠯᠤᠨ᠎ᠠ᠃ ᠲᠦᠷᠢᠶᠡᠰᠦᠯᠡᠭᠴᠢ ᠶᠢᠨ ᠲᠦᠷᠢᠶᠡᠰᠦᠯᠡᠬᠦ ᠬᠤᠭᠤᠴᠠᠭᠠᠨ ᠳᠤ ᠲᠦᠷᠢᠶᠡᠰᠦᠯᠡᠭᠰᠡᠨ ᠭᠡᠷ | ᠪᠠᠶᠢᠰᠢᠩ ᠢᠶᠠᠨ ᠰᠢᠯᠵᠢᠭᠦᠯᠦᠨ ᠬᠤᠳᠠᠯᠳᠤᠭᠰᠠᠨ ᠠᠴᠠ ᠪᠤᠯᠵᠤ ᠠᠷᠭ᠎ᠠ ᠪᠤᠰᠤ ᠨᠡᠭᠦᠵᠦ ᠶᠠᠪᠤᠬᠤ ᠪᠠᠶᠢᠳᠠᠯ ᠠᠴᠠ | ᠵᠠᠶᠢᠯᠠᠰᠬᠢᠵᠦ᠂ ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠶᠢ ᠪᠠᠲᠤᠯᠠᠪᠠ᠃ | ᠭᠡᠷ ᠤᠨ ᠡᠵᠡᠨ ᠭᠡᠷ ᠬᠤᠳᠠᠯᠳᠣᠬᠤ ᠳᠤ ᠭᠡᠷ ᠲᠦᠷᠢᠶᠡᠰᠦᠯᠡᠭᠴᠢ ᠤᠷᠢᠳᠠᠪᠠᠷ ᠬᠤᠳᠠᠯᠳᠤᠨ ᠠᠪᠬᠤ ᠡᠷᠬᠡ ᠲᠠᠢ ᠤᠤ︖ | | ᠭᠡᠷ ᠤᠨ ᠡᠵᠡᠨ ᠬᠡᠷᠪᠡ ᠲᠦᠷᠢᠶᠡᠰᠦᠯᠡᠬᠦᠯᠦᠭᠰᠡᠨ ᠭᠡᠷ ᠪᠠᠶᠢᠰᠢᠩ ᠢᠶᠠᠨ ᠬᠤᠳᠠᠯᠳᠤᠬᠤ ᠭᠡᠪᠡᠯ ᠢᠷᠭᠡᠨ ᠤ | ᠬᠠᠤᠯᠢ ᠶᠢᠨ ᠪᠢᠴᠢᠭ ᠤᠨ ᠲᠣᠭᠲᠠᠭᠠᠯ ᠢ ᠦᠨᠳᠦᠰᠦᠯᠡᠪᠡᠯ᠂ ᠠᠳᠠᠯᠢ ᠨᠥᠬᠦᠴᠡᠯ ᠳᠣᠤᠷ᠎ᠠ ᠭᠡᠷ ᠲᠦᠷᠢᠶᠡᠰᠦᠯᠡᠭᠴᠢ ᠨᠢ | ᠤᠷᠢᠳᠠᠪᠠᠷ ᠬᠤᠳᠠᠯᠳᠤᠨ ᠠᠪᠬᠤ ᠡᠷᠬᠡ ᠲᠠᠢ᠃ ᠠᠳᠡ ᠬᠡᠯᠡᠵᠦ ᠪᠠᠶᠢᠭ᠎ᠠ ︽ᠠᠳᠠᠯᠢ ᠨᠥᠬᠦᠴᠡᠯ︾ ᠭᠡᠳᠡᠭ ᠲᠤ | ᠭᠤᠤᠯᠳᠠᠭᠤ ᠭᠡᠷ ᠪᠠᠶᠢᠰᠢᠩ ᠬᠤᠳᠠᠯᠳᠤᠨ ᠠᠪᠬᠤ ᠦᠨ᠎ᠡ ᠬᠠᠩᠰᠢ᠂ ᠵᠣᠭᠤᠰ ᠥᠭᠬᠦ ᠠᠷᠭ᠎ᠠ ᠮᠠᠶ᠋ᠢᠭ ᠨᠢ | ᠬᠤᠭᠤᠴᠠᠭ᠎ᠠ ᠬᠤᠪᠢᠶᠠᠨ ᠵᠣᠭᠤᠰ ᠥᠭᠬᠦ ᠶᠤᠮ ᠤᠤ ᠡᠰᠡᠬᠦᠯ᠎ᠡ ᠨᠢᠭᠡ ᠯᠡ ᠤᠳᠠᠭ᠎ᠠ ᠳᠤ ᠵᠣᠭᠤᠰ ᠥᠭᠬᠦ ᠶᠤᠮ ᠤᠤ | ᠵᠡᠷᠭᠡ ᠪᠦᠷ ᠠᠳᠠᠯᠢᠬᠠᠨ ᠪᠠᠶᠢᠳᠠᠯ ᠳᠣᠤᠷ᠎ᠠ ᠪᠠᠭᠲᠠᠨ᠎ᠠ᠃ ᠵᠢᠱᠢᠶᠡᠯᠡᠪᠡᠯ᠂ ᠯᠢ ᠣᠪᠣᠭᠲᠤ ᠸᠠᠩ ᠣᠪᠣᠭᠲᠤ ᠶᠢᠨ ᠭᠡᠷ ᠢ | ᠲᠦᠷᠢᠶᠡᠰᠦᠯᠡᠵᠦ᠂ ᠢᠷᠡᠬᠦ ᠵᠢᠯ ᠤᠨ 1 ᠰᠠᠷ᠎ᠠ ᠳᠤ ᠬᠤᠭᠤᠴᠠᠭ᠎ᠠ ᠨᠢ ᠲᠣᠯᠣᠨᠠ᠃ ᠸᠠᠩ ᠣᠪᠣᠭᠲᠤ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠡᠨᠡ ᠭᠡᠷ ᠢ ᠵᠠᠩ ᠣᠪᠣᠭᠲᠤ ᠳᠤ ᠬᠤᠳᠠᠯᠳᠤᠵᠤ ᠥᠭᠬᠦ ᠰᠠᠨᠠᠭ᠎ᠠ ᠲᠠᠢ᠃ | ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ᠂ ᠯᠢ ᠣᠪᠣᠭᠲᠤ ︽ᠠᠷᠠᠯᠵᠢᠶ᠎ᠠ ᠮᠠᠶᠢᠮᠠᠶ ᠬᠢᠬᠦ ᠳᠤ | ᠲᠦᠷᠢᠶᠡᠰᠣᠯᠡᠬᠦ ᠶᠢ ᠡᠪᠳᠡᠬᠦ ᠦᠭᠡᠢ︾ ᠲᠦᠷᠢᠮ ᠢ ᠡᠰᠢ ᠲᠠᠲᠠᠵᠤ ᠦᠷᠭᠦᠯᠵᠢᠯᠡᠨ ᠭᠡᠷ ᠪᠠᠶᠢᠰᠢᠩ ᠢ ᠡᠵᠡᠯᠡᠵᠦ ᠪᠣᠯᠬᠤ | ᠦᠭᠡᠢ᠂ ᠭᠡᠪᠡᠴᠦ ᠡᠨᠡ ᠦᠶ᠎ᠡ ᠳᠤ ᠯᠢ ᠣᠪᠣᠭᠲᠤ ᠡᠨᠡ ᠭᠡᠷ ᠢ ᠲᠤᠭᠤᠭᠠᠳ ᠬᠤᠳᠠᠯᠳᠤᠨ ᠠᠪᠬᠤ ᠰᠠᠨᠠᠭ᠎ᠠ ᠲᠠᠢ | ᠪᠣᠯᠵᠠᠢ᠃ ᠯᠢ ᠣᠪᠣᠭᠲᠤ ᠶᠢᠨ ᠣᠷᠣᠨ ᠰᠠᠭᠤᠴᠠ ᠶᠢᠨ ᠲᠣᠭᠲᠠᠪᠤᠷᠢᠲᠤ ᠴᠢᠨᠠᠷ ᠢ ᠪᠠᠲᠤᠯᠠᠬᠤ ᠶᠢᠨ ᠲᠥᠯᠥᠭᠡ᠂ | ᠢᠷᠭᠡᠨ ᠤ ᠬᠠᠤᠯᠢ ᠶᠢᠨ ᠪᠢᠴᠢᠭ ᠨᠢ ᠯᠢ ᠣᠪᠣᠭᠲᠤ ᠳᠤ ᠠᠳᠠᠯᠢ ᠨᠥᠬᠦᠴᠡᠯ ᠳᠣᠣᠷᠠᠬᠢ ︽ᠤᠷᠢᠳᠠᠪᠠᠷ ᠲᠦᠷᠢᠶᠡᠰᠦᠯᠡᠬᠦ | ᠡᠷᠬᠡ︾ ᠶᠢ ᠡᠳ᠋ᠯᠡᠬᠦᠯᠪᠡ᠃ ᠥᠭᠡᠷ᠎ᠡ ᠪᠠᠷ ᠬᠡᠯᠡᠪᠡᠯ᠂ ᠬᠡᠷᠪᠡ ᠵᠠᠩ ᠣᠪᠣᠭᠲᠤ ᠪᠣᠯᠤᠨ ᠯᠢ ᠣᠪᠣᠭᠲᠤ ᠪᠦᠷ 150 | ᠲᠦᠮᠡᠨ ᠲᠥᠭᠦᠷᠢᠭ ᠭᠠᠷᠭᠠᠵᠤ ᠡᠨᠡ ᠭᠡᠷ ᠢ ᠬᠤᠳᠠᠯᠳᠤᠨ ᠠᠪᠬᠤ ᠮᠥᠷᠲᠡᠭᠡᠨ ᠲᠥᠯᠥᠬᠦ ᠠᠷᠭ᠎ᠠ ᠨᠢ ᠠᠳᠠᠯᠢᠬᠠᠨ ᠪᠣᠯ | ᠯᠢ ᠣᠪᠣᠭᠲᠤ ᠲᠦᠷᠢᠶᠡᠰᠦᠯᠡᠭᠴᠢ ᠶᠢᠨ ᠬᠤᠪᠢ ᠪᠠᠷ ᠪᠤᠰᠤᠳ ᠬᠥᠮᠦᠨ ᠠᠴᠠ ᠤᠷᠢᠳᠠᠪᠠᠷ ᠡᠨᠡ ᠭᠡᠷ ᠢ ᠬᠤᠳᠠᠯᠳᠤᠨ | ᠠᠪᠬᠤ ᠡᠷᠬᠡ ᠲᠠᠢ᠃ ᠬᠡᠷᠪᠡ ᠵᠠᠩ ᠣᠪᠣᠭᠲᠤ 160 ᠲᠦᠮᠡᠨ ᠲᠥᠭᠦᠷᠢᠭ ᠭᠠᠷᠭᠠᠵᠤ᠂ ᠯᠢ ᠣᠪᠣᠭᠲᠤ 150 | ᠲᠦᠮᠡᠨ ᠲᠥᠭᠦᠷᠢᠭ ᠭᠠᠷᠭᠠᠵᠤ ᠡᠨᠡ ᠭᠡᠷ ᠢ ᠬᠤᠳᠠᠯᠳᠤᠨ ᠠᠪᠤᠶ᠎ᠠ ᠭᠡᠬᠦ ᠳᠤ ᠬᠦᠷᠪᠡᠯ᠂ ᠯᠢ ᠣᠪᠣᠭᠲᠤ ᠳᠠᠷᠤᠢ ᠵᠠᠩ | ᠣᠪᠣᠭᠲᠤ ᠠᠴᠠ ᠡᠨᠡ ᠭᠡᠷ ᠢ ᠣᠷᠢᠳᠠᠪᠠᠷ ᠬᠤᠳᠠᠯᠳᠤᠨ ᠠᠪᠬᠤ ᠡᠷᠬᠡ ᠦᠭᠡᠢ ᠪᠣᠯᠤᠨ᠎ᠠ᠃ | ︽ᠠᠳᠠᠯᠢ ᠨᠥᠬᠦᠴᠡᠯ ᠳᠣᠤᠷᠠᠬᠢ ᠤᠷᠢᠳᠠᠪᠠᠷ ᠬᠤᠳᠠᠯᠳᠤᠨ ᠠᠪᠬᠤ ᠡᠷᠬᠡ︾ ᠳᠤ ᠪᠠᠰᠠ ᠣᠨᠴᠠᠭᠠᠶ | ᠪᠠᠶᠢᠳᠠᠯ ᠪᠠᠶᠢᠳᠠᠭ᠂ ᠲᠤᠬᠠᠶᠢᠯᠠᠪᠠᠯ ᠲᠦᠷᠢᠶᠡᠰᠦᠯᠡᠭᠴᠢ ᠨᠢ ᠭᠡᠷ ᠪᠠᠶᠢᠰᠢᠩ ᠤᠨ ᠬᠠᠮᠲᠤ ᠪᠠᠷ ᠥᠮᠴᠢᠯᠡᠬᠦ ᠡᠷᠬᠡᠲᠦ | ᠬᠥᠮᠦᠨ ᠪᠠ ᠭᠡᠷ ᠪᠠᠶᠢᠰᠢᠩ ᠤᠨ ᠡᠵᠡᠨ ᠤ ᠤᠢᠢᠷ᠎ᠠ ᠲᠦᠷᠦᠯ ᠰᠠᠳᠤᠨ ᠠᠴᠠ ᠤᠷᠢᠳᠠᠪᠠᠷ ᠬᠤᠳᠠᠯᠳᠤᠨ ᠠᠪᠬᠤ ᠡᠷᠬᠡ | ᠦᠭᠡᠢ᠃ ᠳᠡᠭᠡᠷᠡᠬᠢ ᠵᠢᠱᠢᠶ᠎ᠡ ᠶᠢ ᠦᠷᠬᠦᠯᠵᠢᠯᠡᠪᠡᠯ᠂ ᠬᠡᠷᠪᠡ ᠸᠠᠩ ᠣᠪᠣᠭᠲᠤ ᠲᠦᠷᠢᠶᠡᠰᠦᠯᠡᠬᠦ ᠭᠡᠷ᠎ᠡ ᠶᠢᠨ | ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠡᠨᠡ ᠭᠡᠷ ᠢ ᠸᠠᠩ ᠣᠪᠣᠭᠲᠤ ᠶᠢᠨ ᠡᠭᠡᠴᠢ ᠳᠤ ᠬᠤᠳᠠᠯᠳᠤᠨ ᠥᠭᠬᠦ | ᠰᠠᠨᠠᠭ᠎ᠠ ᠲᠠᠢ ᠪᠣᠯ ᠸᠠᠩ ᠣᠪᠣᠭᠲᠤ ᠶᠢᠨ ᠡᠭᠡᠴᠢ ᠶᠢᠨ ᠭᠠᠷᠭᠠᠭᠰᠠᠨ ᠦᠨ᠎ᠡ ᠨᠢ ᠯᠢ ᠣᠪᠣᠭᠲᠤ ᠶᠢᠨ ᠭᠠᠷᠭᠠᠭᠰᠠᠨ | ᠦᠨ᠎ᠡ ᠠᠴᠠ ᠳᠣᠣᠷ᠎ᠠ ᠪᠠᠶᠢᠭᠰᠠ ᠴᠦ ᠯᠢ ᠣᠪᠣᠭᠲᠤ ᠸᠠᠩ ᠣᠪᠣᠭᠲᠤ ᠶᠢᠨ ᠡᠭᠡᠴᠢ ᠠᠴᠠ ᠡᠨᠡ ᠭᠡᠷ ᠢ ᠤᠷᠢᠳᠠᠪᠠᠷ | ᠬᠤᠳᠠᠯᠳᠤᠨ ᠠᠪᠬᠤ ᠡᠷᠬᠡ ᠶᠢ ᠣᠯᠵᠤ ᠲᠡᠶᠢᠯᠬᠦ ᠦᠭᠡᠢ᠃ ᠡᠨᠡ ᠨᠢ ᠮᠥᠨ ᠴᠦ ᠢᠷᠭᠡᠨ ᠤ ᠬᠠᠤᠯᠢ ᠶᠢᠨ ᠪᠢᠴᠢᠭ ᠲᠤ | ᠠᠷᠠᠳ ᠤᠯᠠᠨ ᠤ ᠬᠡᠷᠡᠭᠴᠡᠭᠡ ᠶᠢ ᠬᠦᠢᠴᠡᠳᠬᠡᠬᠦ ᠪᠣᠳᠣᠯᠬᠢᠯᠠᠭᠠᠳ ᠭᠠᠷᠭᠠᠭᠰᠠᠨ ᠮᠠᠰᠢ ᠶᠡᠭᠡ ᠬᠥᠮᠦᠨᠴᠢ ᠴᠢᠨᠠᠷ ᠲᠠᠢ | ᠬᠠᠤᠯᠢ ᠴᠠᠭᠠᠵᠠ ᠶᠢᠨ ᠵᠢᠷᠤᠭ ᠲᠥᠯᠥᠪᠯᠡᠭᠡ ᠪᠣᠯᠤᠨ᠎ᠠ᠃ | ᠲᠦᠷᠢᠶᠡᠰᠦᠯᠡᠭᠴᠢ ᠨᠢ ᠤᠷᠢᠳᠠᠪᠠᠷ ᠲᠦᠷᠢᠶᠡᠰᠦᠯᠡᠬᠦ ᠡᠷᠬᠡ ᠲᠠᠢ ᠦᠭᠡᠢ ᠤᠤ︖ | ᠳᠡᠭᠡᠷ᠎ᠡ ᠶᠠᠷᠢᠭᠰᠠᠨ ᠤᠷᠢᠳᠠᠪᠠᠷ ᠬᠤᠳᠠᠯᠳᠤᠨ ᠠᠪᠬᠤ ᠡᠷᠬᠡ ᠨᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠭᠡᠷ ᠤᠨ ᠡᠵᠡᠨ ᠭᠡᠷ ᠪᠠᠶᠢᠰᠢᠩ ᠢᠶᠠᠨ ᠬᠤᠳᠠᠯᠳᠤᠬᠤ ᠭᠡᠵᠦ ᠪᠠᠶᠢᠭ᠎ᠠ | ᠪᠠᠶᠢᠳᠠᠯ ᠳᠤ ᠲᠣᠬᠢᠷᠠᠨ᠎ᠠ᠃ ᠭᠡᠪᠡᠴᠦ ᠬᠡᠷᠪᠡ ᠭᠡᠷ ᠪᠠᠶᠢᠰᠢᠩ ᠲᠦᠷᠢᠶᠡᠰᠦᠯᠡᠬᠦ ᠭᠡᠷ᠎ᠡ ᠬᠤᠭᠤᠴᠠᠭ᠎ᠠ ᠲᠤᠯᠤᠭᠰᠠᠨ ᠤ | ᠳᠠᠷᠠᠭ᠎ᠠ᠂ ᠭᠡᠷ ᠤᠨ ᠡᠵᠡᠨ ᠪᠠᠰᠠ ᠡᠨᠡ ᠬᠦ ᠭᠡᠷ ᠪᠠᠶᠢᠰᠢᠩ ᠢ ᠦᠷᠭᠦᠯᠵᠢᠯᠡᠨ ᠲᠦᠷᠢᠶᠡᠰᠦᠯᠡᠬᠦᠯᠬᠦ ᠰᠠᠨᠠᠭ᠎ᠠ ᠲᠠᠢ | ᠪᠠᠶᠢᠳᠠᠯ ᠳᠣᠣᠷ᠎ᠠ᠂ ᠢᠷᠭᠡᠨ ᠤ ᠬᠠᠤᠯᠢ ᠶᠢᠨ ᠪᠢᠴᠢᠭ ᠨᠢ ᠲᠦᠷᠢᠶᠡᠰᠦᠯᠡᠭᠴᠢ ᠳᠤ ᠠᠳᠠᠯᠢᠬᠠᠨ ᠨᠥᠬᠦᠴᠡᠯ ᠳᠣᠣᠷᠠᠬᠢ | ᠤᠷᠢᠳ ᠢᠶᠠᠷ ᠲᠦᠷᠢᠶᠡᠰᠦᠯᠡᠬᠦ ᠡᠷᠬᠡ ᠶᠢ ᠣᠯᠭᠤᠭᠰᠠᠨ ᠪᠠᠶᠢᠨ᠎ᠠ᠃ | ᠢᠷᠭᠡᠨ ᠤ ᠬᠠᠤᠯᠢ ᠶᠢᠨ ᠪᠢᠴᠢᠭ ᠤᠨ ᠲᠤᠯᠤᠭᠠᠨ ᠵᠠᠭᠤ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ | ᠪᠠᠳᠠᠭ ᠲᠤ᠄ ︽ᠲᠦᠷᠢᠶᠡᠰᠦᠯᠡᠬᠦᠯᠬᠦ ᠬᠤᠭᠤᠴᠠᠭ᠎ᠠ ᠳᠦᠭᠦᠷᠴᠦ᠂ ᠭᠡᠷ ᠪᠠᠶᠢᠰᠢᠩ ᠲᠦᠷᠢᠶᠡᠰᠦᠯᠡᠭᠴᠢ ᠠᠳᠠᠯᠢ | ᠨᠥᠬᠦᠴᠡᠯ ᠢᠶᠠᠷ ᠤᠷᠢᠳᠠᠪᠠᠷ ᠲᠦᠷᠢᠶᠡᠰᠦᠯᠡᠬᠦ ᠡᠷᠬᠡ ᠲᠠᠢ︾ ᠭᠡᠵᠦ ᠲᠤᠬᠲᠠᠵᠠᠢ᠃ ᠡᠨᠡ ᠬᠦ ᠬᠠᠤᠯᠢ ᠳᠤ | ᠲᠣᠭᠲᠠᠭᠠᠭᠰᠠᠨ ᠨᠢ᠂ ᠯᠢ ᠣᠪᠣᠭᠲᠤ ᠪᠣᠯᠤᠨ ᠸᠠᠩ ᠣᠪᠣᠭᠲᠤ ᠶᠢᠨ ᠬᠤᠭᠤᠷᠣᠨᠳᠣᠬᠢ ᠲᠦᠷᠢᠶᠡᠰᠦᠯᠡᠬᠦ ᠭᠡᠷ᠎ᠡ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠸᠠᠩ ᠣᠪᠣᠭᠲᠤ ᠰᠦᠯᠵᠢᠶᠡᠨ ᠳᠡᠭᠡᠷ᠎ᠡ ᠲᠦᠷᠢᠶᠡᠰᠣᠯᠡᠬᠦᠯᠬᠦ ᠮᠡᠳᠡᠭᠡ | ᠵᠠᠩᠭᠢ ᠨᠡᠶᠢᠲᠡᠯᠡᠵᠦ᠂ ᠡᠨᠡ ᠭᠡᠷ ᠢ ᠦᠷᠭᠦᠯᠵᠢᠯᠡᠨ ᠲᠦᠷᠢᠶᠡᠰᠣᠯᠡᠬᠦᠯᠬᠦ ᠪᠠᠶᠢᠳᠠᠯ ᠤᠨ ᠳᠣᠤᠷ᠎ᠠ᠂ ᠯᠢ ᠣᠪᠣᠭᠲᠤ ᠬᠡᠷᠪᠡ | ᠸᠠᠩ ᠣᠪᠣᠭᠲᠤ ᠶᠢᠨ ᠥᠭᠭᠦᠭᠰᠡᠨ ᠰᠢᠨ᠎ᠡ ᠲᠦᠷᠢᠶᠡᠰᠣᠯᠡᠬᠦᠯᠬᠦ ᠨᠥᠬᠦᠴᠡᠯ ᠢ ᠬᠦᠯᠢᠶᠡᠨ ᠠᠪᠣᠭᠰᠠᠨ ᠪᠠᠶᠢᠪᠠᠯ᠂ ᠯᠢ | ᠣᠪᠣᠭᠲᠤ ᠪᠤᠰᠤᠳ ᠬᠥᠮᠦᠨ ᠠᠴᠠ ᠤᠷᠢᠳ ᠢᠶᠠᠷ ᠡᠨᠡ ᠭᠡᠷ ᠢ ᠠᠳᠠᠯᠢ ᠨᠥᠬᠦᠴᠡᠯ ᠢᠶᠠᠷ ᠲᠦᠷᠢᠶᠡᠰᠦᠯᠡᠬᠦ ᠡᠷᠬᠡ ᠲᠠᠢ᠃ | | ︵ᠪᠡᠭᠡᠵᠢᠩ ᠬᠤᠲᠠ ᠶᠢᠨ ᠱᠠᠩ ᠭᠦᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳᠡᠭᠡᠳᠦ ᠵᠡᠷᠭᠡ ᠶᠢᠨ | ᠬᠤᠷᠰᠢᠭᠴᠢ ᠯᠢᠦ ᠰᠢᠩ ᠶᠠᠨ ᠬᠠᠤᠯᠢᠴᠢ᠂ ᠬᠠᠤᠯᠢᠴᠢ ᠶᠢᠨ ᠲᠤᠰᠠᠯᠠᠭᠴᠢ ᠸᠠᠩ ᠴᠧᠨ︶ |