ᠠᠷᠠᠳ ᠢᠷᠭᠡᠳ ᠦᠪᠡᠷ ᠤᠨ ᠨᠡᠷ᠎ᠡ ᠲᠦᠷᠦ ᠪᠠᠨ ᠬᠠᠣᠯᠢ ᠶᠣᠰᠣᠭᠠᠷ ᠬᠠᠮᠠᠭᠠᠯᠠᠬᠤ ᠡᠷᠬᠡ ᠲᠠᠢ
ᠨᠡᠶᠢᠲᠡᠯᠡᠭᠰᠡᠨ ᠴᠠᠭ᠄
2020/10/14
     ᠨᠡᠷ᠎ᠡ ᠲᠦᠷᠦ ᠭᠡᠳᠡᠭ ᠨᠢ ᠢᠷᠭᠡᠨ ᠤ ᠬᠡᠷᠡᠭ ᠤᠨ ᠭᠤᠣᠯ ᠴᠣᠭᠴᠠ ᠶᠢᠨ ᠶᠤᠰᠤ ᠰᠣᠷᠳᠠᠬᠤᠨ᠂ ᠨᠡᠷ᠎ᠡ ᠲᠥᠷᠥ᠂ ᠡᠷᠳᠡᠮ ᠴᠢᠳᠠᠪᠤᠷᠢ᠂ ᠢᠲᠡᠭᠡᠮᠵᠢ ᠵᠡᠷᠭᠡ ᠶᠢᠨ ᠨᠡᠶᠢᠭᠡᠮ ᠳᠡᠭᠡᠷᠡᠬᠢ ᠦᠨᠡᠯᠡᠯᠲᠡ ᠪᠣᠯᠣᠨ᠎ᠠ᠂ ᠲᠡᠷᠡ ᠨᠢ ᠢᠷᠭᠡᠨ ᠤ ᠬᠡᠷᠡᠭ ᠤᠨ ᠭᠤᠤᠯ ᠴᠣᠭᠴᠠ ᠶᠢᠨ ︽ᠬᠥᠮᠦᠨ ᠴᠢᠨᠠᠷ︾ ᠪᠠ ︽ᠨᠡᠷ᠎ᠡ ᠲᠦᠷᠦ︾ ᠶᠢ ᠲᠥᠪᠯᠡᠷᠡᠭᠦᠯᠦᠨ ᠢᠯᠡᠷᠡᠭᠦᠯᠵᠦ᠂ ᠢᠷᠭᠡᠨ ᠤ ᠬᠡᠷᠡᠭ ᠤᠨ ᠠᠵᠢᠯᠯᠠᠭ᠎ᠠ᠂ ᠴᠢᠨᠠᠭᠰᠢᠯᠡᠨ ᠪᠤᠰᠤᠳ ᠨᠡᠶᠢᠭᠡᠮ ᠤᠨ ᠠᠵᠢᠯᠯᠠᠭ᠎ᠠ ᠬᠢᠬᠦ ᠦᠨᠳᠦᠰᠦᠨ ᠨᠥᠬᠦᠴᠡᠯ ᠪᠤᠯᠳᠠᠭ᠃     ᠨᠡᠷ᠎ᠡ ᠲᠦᠷᠦ ᠶᠢᠨ ᠡᠷᠬᠡ ᠭᠡᠳᠡᠭ ᠨᠢ ᠪᠠᠶᠢᠭᠠᠯᠢ ᠬᠥᠮᠦᠨ ᠪᠠ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠰᠢᠨᠵᠢ ᠴᠢᠨᠠᠷ ᠪᠠ ᠦᠷᠳᠡᠭ ᠤᠨ ᠢᠶᠠᠨ ᠲᠠᠯ᠎ᠠ ᠪᠠᠷ ᠣᠯᠤᠭᠰᠠᠨ ᠨᠡᠶᠢᠭᠡᠮ ᠤᠨ ᠦᠨᠡᠯᠡᠯᠲᠡ ᠶᠢ ᠡᠳ᠋ᠯᠡᠬᠦ ᠪᠠ ᠬᠠᠮᠠᠭᠠᠯᠠᠬᠤ ᠪᠣᠳᠠᠲᠠᠶ ᠡᠷᠬᠡ ᠶᠢ ᠬᠡᠯᠡᠳᠡᠭ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠤᠲᠤᠭᠠᠨ ᠲᠤᠷᠤᠮᠵᠢᠯᠠᠬᠤ᠂ ᠭᠦᠳᠬᠡᠬᠦ ᠵᠡᠷᠭᠡ ᠪᠠᠷ ᠪᠤᠰᠤᠳ ᠤᠨ ᠨᠡᠷ᠎ᠡ ᠲᠦᠷᠦ ᠳᠤ ᠬᠠᠯᠳᠠᠵᠤ ᠪᠣᠯᠬᠤ ᠦᠭᠡᠢ᠃     ᠭᠡᠪᠡᠴᠦ ᠠᠮᠢᠳᠤᠷᠠᠯ ᠳᠤᠮᠳᠠ᠂ ᠪᠤᠰᠤᠳ ᠤᠨ ᠨᠡᠷ᠎ᠡ ᠲᠥᠷᠥ ᠶᠢᠨ ᠡᠷᠬᠡ ᠳᠤ ᠬᠠᠯᠳᠠᠵᠤ᠂ ᠪᠤᠰᠤᠳ ᠤᠨ ᠨᠡᠷ᠎ᠡ ᠲᠦᠷᠦ ᠶᠢ ᠬᠤᠭᠢᠷᠠᠭᠤᠯᠬᠤ ᠦᠵᠡᠭᠳᠡᠯ ᠳᠠᠩᠳᠠ ᠡᠭᠦᠰᠳᠡᠭ᠃ ᠢᠯᠠᠩᠭᠤᠶ᠎ᠠ ᠰᠦᠯᠵᠢᠶᠡᠨ ᠳᠡᠭᠡᠷ᠎ᠡ᠂ ᠮᠠᠰᠢ ᠤᠯᠠᠨ ᠬᠥᠮᠦᠨ ᠪᠡᠶᠡᠴᠢ ᠲᠠᠯ᠎ᠠ ᠠᠴᠠ ᠰᠦᠯᠵᠢᠶᠡᠨ ᠤ ᠣᠷᠣᠨ ᠵᠠᠶ ᠶᠢ ᠬᠠᠤᠯᠢ ᠠᠴᠠ ᠭᠠᠳᠠᠭᠤᠷᠬᠢ ᠤᠷᠤᠨ ᠵᠠᠢ ᠪᠣᠯᠭᠠᠵᠤ᠂ ᠪᠤᠰᠤᠳ ᠤᠨ ᠨᠡᠷ᠎ᠡ ᠲᠦᠷᠦ ᠶᠢ ᠳᠤᠷ᠎ᠠ ᠪᠠᠷ ᠢᠶᠠᠨ ᠭᠤᠲᠤᠭᠠᠬᠤ ᠶᠠᠷᠢᠶ᠎ᠠ ᠬᠡᠯᠡᠯᠴᠡᠭᠡ ᠨᠡᠶᠢᠲᠡᠯᠡᠬᠦ ᠨᠢ ᠪᠤᠰᠤᠳ ᠤᠨ ᠦᠢᠯᠡᠳᠪᠦᠷᠢᠯᠡᠯ ᠠᠮᠢᠳᠤᠷᠠᠯ ᠪᠠ ᠤᠶᠤᠨ ᠰᠠᠨᠠᠭᠠᠨ ᠳᠤ ᠬᠤᠬᠢᠷᠠᠯ ᠤᠴᠠᠷᠠᠭᠤᠯᠳᠠᠭ᠃ ︽ᠬᠦᠮᠦᠨ ᠶᠠᠪᠤᠪᠠᠯ ᠨᠠᠷ᠎ᠠ ᠲᠠᠢ᠂ ᠭᠠᠯᠠᠭᠤ ᠶᠠᠪᠤᠪᠠᠯ ᠳᠠᠭᠤ ᠲᠠᠢ︾ ᠭᠡᠳᠡᠭᠴᠢᠯᠡᠨ᠂ ᠠᠷᠠᠳ ᠢᠷᠭᠡᠨ ᠪᠦᠬᠦᠨ ᠦᠪᠡᠷ ᠤᠨ ᠨᠡᠷ᠎ᠠ ᠲᠦᠷᠦ ᠪᠠᠨ ᠬᠠᠶᠢᠷᠠᠯᠠᠨ ᠨᠠᠨᠳᠢᠩᠨᠠᠵᠤ᠂ ᠬᠠᠤᠯᠢ ᠶᠤᠰᠤᠭᠠᠷ ᠬᠠᠮᠠᠭᠠᠯᠠᠬᠤ ᠡᠷᠬᠡ ᠲᠠᠢ᠃ ᠬᠡᠷᠡᠭ ᠤᠨ ᠵᠢᠱᠢᠶ᠎ᠡ      ᠬᠥᠯᠥᠨ ᠪᠤᠶᠢᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠣᠰᠣᠳ ᠤᠨ ᠨᠡᠷ᠎ᠠ ᠲᠦᠷᠦ ᠶᠢᠨ ᠡᠷᠬᠡ ᠳᠤ ᠬᠠᠯᠳᠠᠭᠰᠠᠨ ᠨᠢᠭᠡᠨ ᠬᠡᠷᠡᠭ ᠢ ᠰᠢᠭᠦᠨ ᠰᠢᠢᠳᠪᠦᠷᠢᠯᠡᠪᠡ᠃      ᠸᠠᠩ ᠣᠪᠣᠭᠲᠤ ᠪᠣᠯᠤᠨ ᠵᠠᠩ ᠣᠪᠣᠭᠲᠤ ᠪᠣᠯ ᠨᠢᠭᠡ ᠭᠠᠴᠠᠭ᠎ᠠ ᠶᠢᠨ ᠠᠷᠠᠳ ᠪᠣᠯᠣᠨ᠎ᠠ᠃ ᠨᠢᠭᠡᠨ ᠡᠳᠦᠷ᠂ ᠵᠠᠩ ᠣᠪᠣᠭᠲᠤ ᠭᠠᠴᠠᠭ᠎ᠠ ᠶᠢᠨ ᠢᠶᠠᠨ ᠵᠢᠷᠭᠢᠶ᠎ᠠ ᠶᠢᠨ ᠴᠤᠭᠯᠠᠷᠠᠯ ᠳᠡᠭᠡᠷ᠎ᠡ ᠸᠠᠩ ᠣᠪᠣᠭᠲᠤ ᠶᠢᠨ ᠬᠤᠶᠠᠷ ᠬᠠᠭᠤᠳᠠᠰᠤ ᠭᠡᠷᠡᠯ ᠵᠢᠷᠤᠭ ᠢ ᠨᠡᠶᠢᠳᠡᠯᠡᠵᠦ ᠠᠷᠪᠠ ᠭᠠᠷᠤᠢ ᠵᠤᠷᠪᠤᠰ ᠶᠠᠷᠢᠶ᠎ᠠ ᠶᠠᠪᠤᠭᠤᠯᠤᠨ ᠸᠠᠩ ᠣᠪᠣᠭᠲᠤ ᠶᠢ ᠬᠠᠷᠢᠶᠠᠨ ᠵᠦᠬᠡᠪᠡ᠃ ᠸᠠᠩ ᠣᠪᠣᠭᠲᠤ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠭᠡᠵᠤ ᠰᠢᠭᠦᠬᠦ ᠬᠤᠷᠢᠶᠠᠨ ᠳᠤ ᠵᠠᠭᠠᠯᠳᠤᠵᠤ᠂ ᠵᠠᠩ ᠣᠪᠣᠭᠲᠤ ᠶᠢ ᠪᠤᠷᠤᠭᠤ ᠪᠠᠨ ᠬᠦᠯᠢᠶᠡᠵᠤ᠂ ᠤᠴᠠᠷᠠᠭᠤᠯᠤᠭᠰᠠᠨ ᠮᠠᠭᠤ ᠨᠥᠯᠥᠭᠡ ᠪᠠᠨ ᠠᠷᠢᠯᠭᠠᠵᠤ᠂ ᠨᠡᠷ᠎ᠡ ᠲᠦᠷᠦ ᠶᠢ ᠨᠢ ᠰᠡᠷᠭᠦᠭᠡᠵᠦ᠂ ᠣᠶᠤᠨ ᠰᠠᠨᠠᠭᠠᠨ ᠤ ᠬᠤᠬᠢᠷᠠᠯ ᠤᠨ ᠲᠦᠯᠦᠪᠦᠷᠢ᠂ ᠵᠠᠷᠭᠤ ᠶᠢᠨ ᠵᠠᠷᠤᠳᠠᠯ ᠪᠠ ᠬᠠᠤᠯᠢᠴᠢ ᠶᠢᠨ ᠵᠠᠷᠤᠳᠠᠯ ᠢ ᠲᠦᠯᠦᠬᠦ ᠬᠡᠷᠡᠭᠲᠡᠢ ᠭᠡᠵᠤ ᠱᠠᠭᠠᠷᠳᠠᠪᠠ᠃ ᠵᠠᠩ ᠣᠪᠣᠭᠲᠤ ︽ᠮᠢᠨᠦ ᠬᠦᠮᠦᠨ ᠬᠠᠷᠢᠶᠠᠭᠰᠠᠨ ᠨᠢ ᠤᠴᠢᠷ ᠰᠢᠯᠲᠠᠭᠠᠨ ᠦᠭᠡᠢ ᠪᠣᠰᠣ᠂ ᠸᠠᠩ ᠣᠪᠣᠭᠲᠤ ᠮᠢᠨᠤ ᠨᠥᠬᠦᠷ ᠲᠠᠢ ᠳᠤᠲᠤᠨᠤ ᠬᠠᠷᠢᠴᠠᠭ᠎ᠠ ᠲᠠᠢ ᠪᠣᠯᠣᠭᠰᠠᠨ ᠪᠤᠯᠬᠤᠷ ᠮᠢᠨᠤ ᠨᠦᠬᠦᠷ ᠨᠠᠳᠠ ᠲᠠᠢ ᠤᠷᠤᠭ ᠰᠠᠯᠬᠤ ᠭᠡᠵᠤ ᠪᠠᠶᠢᠨ᠎ᠠ︾ ᠭᠡᠵᠦ ᠮᠠᠷᠭᠤᠨ ᠂ ᠰᠢᠭᠦᠬᠦ ᠬᠤᠷᠢᠶ᠎ᠠ ᠶᠢ ᠸᠠᠩ ᠣᠪᠣᠭᠲᠤ ᠶᠢᠨ ᠵᠠᠷᠭᠤ ᠶᠢᠨ ᠭᠤᠶᠤᠴᠢᠯᠠᠯ ᠢ ᠨᠢᠴᠤᠭᠠᠬᠤ ᠶᠢ ᠭᠦᠰᠡᠪᠠ᠃      ᠨᠢᠭᠡᠳᠦᠭᠡᠷ ᠰᠢᠭᠦᠯᠲᠡ ᠶᠢᠨ ᠰᠢᠭᠦᠬᠦ ᠬᠤᠷᠢᠶ᠎ᠠ ᠠᠴᠠ᠂ ᠵᠠᠩ ᠣᠪᠣᠭᠲᠤ ᠶᠢᠨ ᠠᠵᠢᠯᠯᠠᠭ᠎ᠠ ᠳᠤ ᠸᠠᠩ ᠣᠪᠣᠭᠲᠤ ᠶᠢᠨ ᠨᠡᠷ᠎ᠡ ᠲᠦᠷᠦ ᠶᠢ ᠵᠤᠷᠢᠭᠤᠳᠠ ᠬᠤᠬᠢᠷᠠᠭᠤᠯᠬᠤ ᠪᠡᠶᠡᠴᠢ ᠰᠠᠨᠠᠭ᠎ᠠ ᠠᠭᠤᠯᠣᠭᠳᠠᠨ᠂ ᠸᠠᠩ ᠣᠪᠣᠭᠲᠤ ᠶᠢᠨ ᠨᠠᠷ᠎ᠠ ᠲᠦᠷᠦ ᠳᠤ ᠵᠣᠬᠢᠬᠤ ᠬᠡᠮᠵᠢᠶᠠᠨ ᠤ ᠬᠤᠬᠢᠷᠠᠯ ᠤᠴᠠᠷᠠᠭᠤᠯᠵᠤ᠂ ᠨᠢᠭᠡᠨᠲᠡ ᠸᠠᠩ ᠣᠪᠣᠭᠲᠤ ᠶᠢᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠪᠤᠯᠤᠨ ᠪᠦᠷᠢᠯᠳᠤᠭ᠍ᠰᠡᠨ ᠲᠤᠯᠠ ᠬᠠᠤᠯᠢ ᠶᠣᠰᠣᠭᠠᠷ ᠡᠷᠬᠡ ᠳᠤ ᠬᠠᠯᠳᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠪᠡᠯ ᠵᠤᠬᠢᠨ᠎ᠠ᠃ ᠵᠠᠩ ᠣᠪᠣᠭᠲᠤ ᠲᠤᠰ ᠬᠡᠷᠡᠭ ᠲᠤ ᠬᠤᠯᠪᠣᠭᠳᠠᠭᠰᠠᠨ ᠵᠢᠷᠬᠢᠶ᠎ᠠ ᠶᠢᠨ ᠴᠤᠭᠯᠠᠷᠠᠯ ᠳᠤ ᠸᠠᠩ ᠣᠪᠣᠭᠲᠤ ᠳᠤ ᠢᠯᠡ ᠪᠠᠷ ᠪᠤᠷᠤᠭᠤ ᠪᠠᠨ ᠮᠡᠳᠡᠷᠡᠵᠦ᠂ ᠤᠴᠠᠷᠠᠭᠤᠯᠤᠭᠰᠠᠨ ᠨᠥᠯᠥᠭᠡ ᠶᠢ ᠨᠢ ᠠᠷᠢᠯᠭᠠᠵᠤ᠂ ᠨᠡᠷ᠎ᠡ ᠲᠦᠷᠦ ᠶᠢ ᠨᠢ ᠰᠡᠷᠭᠦᠭᠡᠬᠦ ᠶᠢᠨ ᠬᠠᠮᠲᠤ ᠸᠠᠩ ᠣᠪᠣᠭᠲᠤ ᠳᠤ ᠤᠶᠤᠨ ᠰᠠᠨᠠᠭᠠᠨ ᠤ ᠬᠤᠬᠢᠷᠠᠯ ᠤᠨ ᠲᠦᠯᠦᠪᠦᠷᠢ᠂ ᠬᠠᠤᠯᠢᠴᠢ ᠶᠢᠨ ᠵᠠᠷᠤᠳᠠᠯ ᠵᠡᠷᠭᠡ ᠵᠠᠷᠣᠳᠠᠯ ᠰᠦᠢᠳᠬᠡᠯ ᠢ ᠡᠭᠦᠷᠭᠡᠯᠡᠬᠦ ᠬᠡᠷᠡᠭᠲᠡᠢ ᠭᠡᠵᠤ ᠰᠢᠭᠦᠨ ᠲᠠᠰᠤᠯᠪᠠ᠃ ᠵᠠᠩ ᠣᠪᠣᠭᠲᠤ ᠰᠢᠭᠦᠨ ᠲᠠᠰᠤᠯᠤᠯᠲᠠ ᠶᠢ ᠵᠥᠪᠰᠢᠶᠡᠷᠡᠭᠰᠡᠨ ᠦᠭᠡᠢ ᠳᠡᠭᠡᠭᠰᠢ ᠵᠠᠭᠠᠯᠳᠤᠪᠠ᠃     ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ ᠠᠴᠠ᠂ ᠵᠠᠩ ᠣᠪᠣᠭᠲᠤ 400 ᠭᠠᠷᠤᠶ ᠬᠥᠮᠦᠨ ᠲᠠᠢ ᠵᠢᠷᠬᠢᠶ᠎ᠠ ᠶᠢᠨ ᠴᠤᠭᠯᠠᠷᠠᠯ ᠳᠤ ᠸᠠᠩ ᠣᠪᠣᠭᠲᠤ ᠶᠢ ᠳᠣᠷᠣᠮᠵᠢᠯᠠᠨ ᠬᠠᠷᠢᠶᠠᠵᠤ᠂ ᠨᠡᠷ᠎ᠡ ᠲᠦᠷᠦ ᠶᠢ ᠨᠢ ᠬᠤᠬᠢᠷᠠᠭᠤᠯᠤᠭᠰᠠᠨ ᠤᠴᠢᠷ ᠠᠴᠠ ᠸᠠᠩ ᠣᠪᠣᠭᠲᠤ ᠶᠢᠨ ᠨᠡᠷ᠎ᠡ ᠲᠥᠷᠥ ᠶᠢᠨ ᠡᠷᠬᠡ ᠳᠤ ᠬᠠᠯᠳᠠᠭᠰᠠᠨ ᠨᠥᠯᠥᠭᠡ ᠶᠢ ᠠᠷᠢᠯᠭᠠᠵᠤ᠂ ᠨᠡᠷ᠎ᠡ ᠲᠦᠷᠦ ᠶᠢ ᠨᠢ ᠰᠡᠷᠭᠦᠭᠡᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠤᠶᠤᠨ ᠰᠠᠨᠠᠭᠠᠨ ᠤ ᠬᠤᠬᠢᠷᠠᠯ ᠤᠨ ᠲᠦᠯᠦᠪᠦᠷᠢ ᠪᠠ ᠡᠭᠦᠨ ᠠᠴᠠ ᠪᠣᠯᠤᠭᠰᠠᠨ ᠬᠤᠯᠪᠣᠭᠳᠠᠯ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ᠂ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠶᠢ ᠪᠠᠷᠢᠮᠲᠠᠯᠠᠨ᠎ᠠ ᠭᠡᠵᠤ ᠰᠢᠭᠦᠨ ᠲᠠᠰᠤᠯᠪᠠ᠃ ᠬᠡᠷᠡᠭ ᠤᠨ ᠵᠠᠳᠠᠯᠤᠯᠲᠠ      ᠲᠤᠰ ᠬᠡᠷᠡᠭ ᠪᠣᠯ ᠰᠦᠯᠵᠢᠶᠡᠨ ᠤ ᠠᠷᠭ᠎ᠠ ᠪᠠᠷᠢᠯ ᠢᠶᠠᠷ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠠ ᠪᠣᠯᠤᠨ᠎ᠠ᠃ ᠵᠠᠩ ᠣᠪᠣᠭᠲᠤ ᠭᠠᠴᠠᠭᠠᠨ ᠤ ᠠᠷᠠᠳ ᠤᠨ ᠵᠢᠷᠬᠢᠶ᠎ᠠ ᠶᠢᠨ ᠴᠤᠭᠯᠠᠷᠠᠯ ᠳᠤᠲᠤᠷ᠎ᠠ ᠸᠠᠩ ᠣᠪᠣᠭᠲᠤ ᠶᠢ ᠨᠡᠯᠢᠶᠡᠳ ᠲᠤᠷᠤᠮᠵᠢᠯᠠᠭᠰᠠᠨ᠂ ᠭᠦᠳᠭᠡᠨ ᠲᠠᠭᠠᠷᠢᠭᠰᠠᠨ ᠪᠤᠯᠬᠢ ᠪᠦᠳᠦᠭᠦᠯᠢᠭ ᠦᠭᠡ ᠪᠠᠷ ᠬᠠᠷᠢᠶᠠᠵᠤ᠂ ᠭᠡᠷᠡᠯ ᠵᠢᠷᠤᠭ ᠢ ᠨᠢ ᠳᠠᠭᠠᠯᠳᠤᠭᠤᠯᠤᠨ ᠨᠡᠶᠢᠳᠡᠯᠡᠪᠡ᠃ 400 ᠭᠠᠷᠤᠢ ᠬᠥᠮᠦᠨ ᠲᠠᠢ ᠭᠠᠴᠠᠭ᠎ᠠ ᠶᠢᠨ ᠵᠢᠷᠬᠢᠶ᠎ᠠ ᠶᠢᠨ ᠴᠤᠭᠯᠠᠷᠠᠯ ᠳᠤ ᠨᠡᠶᠢᠳᠡᠯᠡᠭᠰᠡᠨ ᠬᠠᠷᠢᠶᠠᠯ ᠳᠤᠷᠤᠮᠵᠢᠯᠠᠯ ᠨᠢ ᠭᠠᠴᠠᠭ᠎ᠠ ᠶᠢᠨ ᠠᠷᠠᠳ ᠤᠨ ᠠᠩᠬᠠᠷᠤᠯ ᠢ ᠲᠡᠲᠡᠵᠤ᠂ ᠸᠠᠩ ᠣᠪᠣᠭᠲᠤ ᠶᠢᠨ ᠨᠡᠶᠢᠭᠡᠮ ᠤᠨ ᠬᠠᠷᠢᠴᠠᠭ᠎ᠠ ᠶᠢ ᠰᠢᠭᠤᠳ ᠨᠥᠯᠥᠭᠡᠯᠡᠭᠰᠡᠨ ᠨᠢ ᠳᠠᠮᠵᠢᠭ ᠦᠭᠡᠢ᠃ ᠵᠠᠩ ᠣᠪᠣᠭᠲᠤ ᠶᠢᠨ ᠠᠵᠢᠯᠯᠠᠭ᠎ᠠ ᠳᠤ ᠸᠠᠩ ᠣᠪᠣᠭᠲᠤ ᠶᠢᠨ ᠨᠡᠷ᠎ᠡ ᠲᠦᠷᠦ ᠶᠢ ᠵᠤᠷᠢᠭᠤᠳᠠ ᠬᠤᠬᠢᠷᠠᠭᠤᠯᠬᠤ ᠭᠡᠰᠡᠨ ᠪᠡᠶᠡᠴᠢ ᠰᠠᠨᠠᠭ᠎ᠠ ᠠᠭᠤᠯᠣᠭᠳᠠᠵᠤ ᠪᠠᠶᠢᠬᠤ ᠨᠢ ᠢᠯᠡᠷᠬᠡᠶ ᠪᠦᠭᠡᠳ ᠪᠤᠰᠤᠳᠴᠢ ᠲᠠᠯ᠎ᠠ ᠪᠠᠷ ᠸᠠᠩ ᠣᠪᠣᠭᠲᠤ ᠶᠢᠨ ᠨᠡᠷ᠎ᠡ ᠲᠥᠷᠥ ᠳᠤ ᠵᠤᠬᠢᠬᠤ ᠭᠡᠮᠵᠢᠶᠠᠨ ᠤ ᠬᠤᠬᠢᠷᠠᠯ ᠤᠴᠠᠷᠠᠭᠤᠯᠵᠤ᠂ ᠨᠡᠷ᠎ᠡ ᠲᠥᠷᠥ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠪᠤᠯᠤᠨ ᠪᠦᠷᠢᠯᠳᠦᠪᠠ᠃ ᠡᠶᠢᠮᠦ ᠠᠴᠠ ᠵᠠᠩ ᠣᠪᠣᠭᠲᠤ ᠪᠣᠰᠣᠳ ᠤᠨ ᠡᠷᠬᠡ ᠳᠤ ᠬᠠᠯᠳᠠᠭᠰᠠᠨ ᠠᠵᠢᠯᠯᠠᠭ᠎ᠠ ᠳᠠᠭᠠᠨ ᠬᠠᠷᠢᠭᠤᠴᠠᠬᠤ ᠨᠢ ᠵᠦᠢᠲᠡᠢ᠃ ᠬᠠᠤᠯᠢ ᠴᠠᠭᠠᠵᠠ ᠶᠢᠨ ᠮᠡᠳᠡᠯᠭᠡ ᠶᠠᠭᠠᠬᠢᠪᠠᠯ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠪᠤᠯᠬᠤ ᠪᠤᠢ︖      ᠡᠩ ᠤᠨ ᠠᠮᠢᠳᠤᠷᠠᠯ ᠳᠤᠮᠳᠠ ᠴᠤ ᠭᠡᠰᠡᠨ᠂ ᠰᠦᠯᠵᠢᠶᠡᠨ ᠳᠡᠭᠡᠷ᠎ᠡ ᠴᠦ ᠭᠡᠰᠡᠨ᠂ ᠪᠢᠴᠢᠭ ᠢᠶᠠᠷ ᠴᠦ ᠲᠡᠷᠡ᠂ ᠠᠮᠠ ᠪᠠᠷ ᠪᠤᠶᠤ ᠣᠨᠴᠠ ᠲᠣᠭᠲᠠᠭᠰᠠᠨ ᠦᠢᠯᠡ ᠠᠵᠢᠯᠯᠠᠭ᠎ᠠ ᠪᠠᠷ ᠴᠦ ᠲᠡᠷᠡ ᠪᠤᠰᠤᠳ ᠤᠨ ᠨᠢᠭᠤᠴᠠ ᠶᠢ ᠳᠤᠷ᠎ᠠ ᠪᠠᠷ ᠢᠯᠡᠴᠢᠯᠡᠨ ᠲᠠᠷᠬᠠᠭᠠᠵᠤ᠂ ᠪᠤᠰᠤᠳ ᠢ ᠮᠠᠭᠤᠯᠠᠬᠤ᠂ ᠬᠠᠷᠢᠶᠠᠬᠤ᠂ ᠳᠣᠷᠣᠮᠵᠢᠯᠠᠬᠤ᠂ ᠭᠦᠳᠬᠡᠬᠦ ᠵᠡᠷᠭᠡ ᠬᠡᠯᠪᠡᠷᠢ ᠪᠠᠷ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠤᠭᠰᠠᠨ ᠪᠠᠶᠢᠪᠠᠯ ᠴᠥᠮ ᠠᠷᠠᠳ ᠢᠷᠭᠡᠨ ᠤ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠳᠤ ᠲᠣᠭᠠᠴᠠᠭᠳᠠᠨ᠎ᠠ᠃ ᠨᠡᠷ᠎ᠡ ᠲᠥᠷᠥ ᠶᠢᠨ ᠡᠷᠬᠡ ᠶᠢ ᠬᠠᠮᠠᠭᠠᠯᠠᠬᠤ ᠶᠠᠮᠠᠷ ᠶᠠᠮᠠᠷ ᠬᠠᠤᠯᠢ ᠲᠣᠭᠲᠠᠭᠠᠯ ᠪᠠᠶᠢᠬᠤ ᠪᠤᠢ︖      ᠮᠠᠨ ᠤ ᠤᠯᠤᠰ ᠨᠡᠷ᠎ᠡ ᠲᠥᠷᠥ ᠶᠢᠨ ᠡᠷᠬᠡ ᠶᠢᠨ ᠲᠤᠬᠠᠢ ᠨᠡᠯᠢᠶᠡᠳ ᠰᠢᠰᠲ᠋ᠧᠮ ᠲᠠᠢ ᠬᠠᠤᠯᠢ ᠲᠤᠭᠲᠠᠭᠠᠯ ᠲᠤᠭᠲᠠᠭᠠᠭᠰᠠᠨ ᠶᠤᠮ᠂ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠭᠰᠠᠨ ᠠᠵᠢᠯᠯᠠᠭ᠎ᠠ ᠨᠢ ᠵᠠᠪᠠᠯ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠪᠠᠶᠢᠳᠠᠭ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠢ ᠳᠦᠷᠢᠮ︾ ᠤᠨ ᠵᠠᠭᠤ ᠠᠷᠪᠠᠳᠤᠭᠠᠷ ᠵᠦᠢᠯ ᠳᠤ ᠪᠠᠶᠢᠭᠠᠯᠢ ᠬᠥᠮᠦᠨ ᠠᠮᠢ ᠨᠠᠰᠤᠨ ᠤ ᠡᠷᠬᠡ᠂ ᠪᠡᠶ᠎ᠡ ᠮᠠᠬᠠᠪᠣᠳ ᠤᠨ ᠡᠷᠬᠡ᠂ ᠨᠡᠷ᠎ᠡ ᠲᠦᠷᠦ ᠶᠢᠨ ᠡᠷᠬᠡ ᠵᠡᠷᠭᠡ ᠡᠷᠬᠡ ᠶᠢ ᠡᠳ᠋ᠯᠡᠨ᠎ᠡ᠃ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠨᠡᠷᠡᠶᠢᠳᠦᠯ ᠤᠨ ᠡᠷᠬᠡ᠂ ᠨᠡᠷ᠎ᠡ ᠲᠦᠷᠦ ᠶᠢᠨ ᠡᠷᠬᠡ᠂ ᠢᠷᠠᠭᠤ ᠠᠯᠳᠠᠷ ᠤᠨ ᠡᠷᠬᠡ ᠵᠡᠷᠭᠡ ᠡᠷᠬᠡ ᠶᠢ ᠡᠳ᠋ᠯᠡᠨ᠎ᠡ ᠭᠡᠵᠦ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠬᠤᠶᠠᠳᠤᠭᠠᠷ ᠵᠦᠶ᠋ᠯ ᠳᠤ᠂ ᠢᠷᠭᠡᠨ ᠤ ᠬᠡᠷᠡᠭ ᠤᠨ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠬᠠᠤᠯᠢ ᠶᠣᠰᠣᠭᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭᠠᠵᠠᠶ᠃ ᠲᠤᠰ ᠬᠠᠤᠯᠢ ᠳᠤ ᠬᠡᠯᠡᠵᠦ ᠪᠠᠶᠢᠭ᠎ᠠ ᠢᠷᠭᠡᠨ ᠤ ᠬᠡᠷᠡᠭ ᠤᠨ ᠡᠷᠬᠡ ᠠᠰᠢᠭ ᠲᠤ ᠠᠮᠢ ᠨᠠᠰᠤᠨ ᠤ ᠡᠷᠬᠡ᠂ ᠨᠡᠷ᠎ᠡ ᠲᠦᠷᠦ ᠶᠢᠨ ᠡᠷᠬᠡ᠂ ᠵᠠᠯᠭᠠᠮᠵᠢᠯᠠᠬᠤ ᠡᠷᠬᠡ ᠵᠡᠷᠭᠡ ᠬᠥᠮᠦᠨ ᠤ ᠪᠡᠶ᠎ᠡ ᠶᠢᠨ ᠡᠷᠭᠡ ᠪᠠ ᠡᠳ᠋ ᠬᠦᠷᠦᠩᠭᠡ ᠶᠢᠨ ᠡᠷᠬᠡ ᠪᠠᠭᠲᠠᠨ᠎ᠠ᠃ ᠡᠭᠦᠨ ᠠᠴᠠ ᠭᠠᠳᠠᠨ᠎ᠠ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠤᠯᠤᠰ ᠤᠨ ᠲᠥᠯᠥᠪᠦᠷᠢ ᠶᠢᠨ ᠬᠠᠤᠯᠢ︾᠂ ︽ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠳᠤ ᠴᠤ ᠨᠡᠷ᠎ᠡ ᠲᠥᠷᠥ ᠶᠢᠨ ᠡᠷᠬᠡ ᠶᠢ ᠬᠠᠮᠠᠭᠠᠯᠠᠬᠤ ᠲᠠᠯ᠎ᠠ ᠪᠠᠷ ᠲᠣᠳᠣᠷᠬᠠᠶ ᠲᠣᠭᠲᠠᠭᠠᠯ ᠲᠠᠢ᠃ ᠰᠦᠯᠵᠢᠶᠠᠨ ᠳᠡᠭᠡᠷ᠎ᠠ ᠪᠤᠰᠤᠳ ᠤᠨ ᠨᠡᠷ᠎ᠡ ᠲᠦᠷᠦ ᠶᠢᠨ ᠡᠷᠬᠡ ᠳᠤ ᠬᠠᠯᠳᠠᠬᠤ ᠨᠢ ᠶᠠᠮᠠᠷ ᠣᠨᠴᠠᠯᠢᠭ ᠲᠠᠢ ᠪᠠᠶᠢᠳᠠᠭ ᠪᠤᠢ︖       ᠰᠦᠯᠵᠢᠶ᠎ᠠ ᠨᠢ ᠣᠳᠣ ᠦᠶ᠎ᠡ ᠶᠢᠨ ᠨᠡᠶᠢᠭᠡᠮ ᠤᠨ ᠳᠠᠮᠵᠢᠭᠤᠯᠭ᠎ᠠ ᠶᠢᠨ ᠵᠠᠭᠤᠴᠢᠯᠠᠭᠤᠷ ᠪᠣᠯᠤᠭᠰᠠᠨ ᠤ ᠬᠤᠪᠢ ᠳᠤ᠂ ᠬᠥᠮᠦᠰ ᠤᠨ ᠮᠡᠳᠡᠭᠡ ᠵᠠᠩᠭᠢ ᠶᠢ ᠳᠠᠮᠵᠢᠭᠤᠯᠬᠤ ᠪᠠ ᠰᠣᠯᠢᠯᠴᠠᠬᠤ ᠲᠠᠯᠠᠪᠤᠷ ᠪᠣᠯᠬᠤ ᠪᠠᠷ ᠪᠠᠷᠠᠬᠤ ᠦᠭᠡᠢ ᠡᠷᠡᠭᠦᠯ ᠪᠥᠭᠡᠳ ᠡᠮᠬᠢ ᠵᠢᠷᠤᠮ ᠲᠠᠢ ᠠᠵᠢᠯᠯᠠᠭᠠᠨ ᠤ ᠣᠷᠣᠨ ᠵᠠᠶ ᠪᠠᠶᠢᠵᠤ᠂ ᠶᠣᠰᠣ ᠰᠤᠷᠲᠠᠬᠤᠨ ᠤ ᠵᠢᠷᠣᠮᠵᠢᠯ ᠪᠠ ᠬᠠᠤᠯᠢ ᠴᠠᠭᠠᠵᠠ ᠶᠢᠨ ᠬᠢᠵᠠᠭᠠᠷᠯᠠᠯ ᠢ ᠬᠦᠯᠢᠶᠡᠬᠦ ᠬᠡᠷᠡᠭᠲᠡᠶ᠃ ᠭᠡᠪᠡᠴᠦ ᠨᠢᠭᠡ ᠪᠦᠯᠦᠭ ᠬᠥᠮᠦᠰ ᠰᠦᠯᠵᠢᠶᠡᠨ ᠤ ᠣᠷᠣᠨ ᠵᠠᠶ ᠶᠢ ᠬᠡᠢ ᠬᠤᠭᠤᠰᠣᠨ ᠵᠦᠢᠯ ᠬᠡᠮᠡᠨ ᠦᠵᠡᠵᠦ᠂ ᠬᠠᠷᠢᠭᠤᠴᠠᠯᠭ᠎ᠠ ᠦᠭᠡᠶ ᠪᠤᠳᠤᠯ ᠡᠪᠦᠷᠯᠡᠨ᠂ ᠰᠦᠯᠵᠢᠶᠠᠨ ᠳᠡᠭᠡᠷ᠎ᠠ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠬᠤ ᠦᠭᠡ ᠶᠠᠷᠢᠶ᠎ᠠ ᠶᠢ ᠳᠤᠷ᠎ᠠ ᠪᠠᠷ ᠢᠶᠠᠨ ᠨᠡᠶᠢᠲᠡᠯᠡᠳᠡᠭ᠃ ᠰᠦᠯᠵᠢᠶᠡᠨ ᠤ ᠲᠠᠷᠬᠠᠬᠤ ᠬᠤᠷᠳᠤᠴᠠ ᠲᠦᠷᠭᠡᠨ᠂ ᠪᠦᠷᠬᠦᠴᠡ ᠥᠷᠭᠡᠨ ᠲᠤᠯᠠ ᠡᠳᠡᠭᠡᠷ ᠦᠭᠡ ᠶᠠᠷᠢᠶ᠎ᠠ ᠨᠢ ᠮᠠᠰᠢ ᠲᠦᠷᠭᠡᠨ ᠪᠦᠭᠡᠳ ᠥᠷᠭᠡᠨ ᠢᠶᠠᠷ ᠲᠠᠷᠬᠠᠵᠤ᠂ ᠣᠬᠤᠷᠬᠠᠨ ᠬᠤᠭᠤᠴᠠᠭᠠᠨ ᠳᠣᠲᠣᠷ᠎ᠠ ᠲᠤᠬᠠᠶ ᠶᠢᠨ ᠬᠥᠮᠦᠨ ᠳᠤ ᠨᠡᠯᠢᠶᠡᠳ ᠶᠡᠭᠡ ᠮᠠᠭᠤ ᠨᠥᠯᠥᠭᠡ ᠪᠠ ᠰᠡᠳᠬᠢᠴᠡ ᠶᠢᠨ ᠳᠠᠷᠤᠭᠠᠰᠤ ᠤᠴᠠᠷᠠᠭᠤᠯᠳᠠᠭ᠃ ᠨᠡᠷ᠎ᠡ ᠲᠦᠷᠦ ᠶᠢᠨ ᠡᠷᠬᠡ ᠪᠠᠨ ᠶᠠᠭᠠᠬᠢᠵᠤ ᠬᠠᠮᠠᠭᠠᠯᠠᠬᠤ ᠪᠤᠢ︖      ᠬᠦᠨᠳᠦᠯᠡᠪᠡᠯ ᠰᠠᠶ᠋ᠢ ᠬᠦᠨᠳᠦᠯᠡᠭᠳᠡᠨ᠎ᠡ᠃ ᠨᠡᠶᠢᠭᠡᠮ ᠤᠨ ᠪᠦᠷᠢᠯᠳᠦᠬᠦᠨ ᠪᠣᠯᠤᠭᠰᠠᠨ ᠤ ᠬᠤᠪᠢ ᠳᠤ᠂ ᠬᠥᠮᠦᠨ ᠪᠦᠬᠦᠨ ᠴᠥᠮ ᠪᠤᠰᠤᠳ ᠤᠨ ᠨᠡᠷ᠎ᠡ ᠲᠦᠷᠦ ᠶᠢ ᠰᠠᠨᠠᠭᠠᠴᠢᠯᠠᠭ᠎ᠠ ᠠᠴᠠ ᠪᠠᠨ ᠬᠦᠨᠳᠦᠳᠬᠡᠨ ᠬᠠᠮᠠᠭᠠᠯᠠᠬᠤ ᠬᠡᠷᠡᠭᠲᠡᠶ᠃ ᠡᠩ ᠤᠨ ᠠᠮᠢᠳᠤᠷᠠᠯ ᠳᠤᠮᠳᠠ ᠴᠤ ᠭᠡᠰᠡᠨ᠂ ᠰᠦᠯᠵᠢᠶᠡᠨ ᠳᠡᠭᠡᠷ᠎ᠠ ᠴᠤ ᠭᠡᠰᠡᠨ᠂ ᠪᠣᠳᠠᠲᠤ ᠬᠡᠷᠡᠭ ᠤᠨ ᠡᠰᠢ ᠪᠠᠷᠢᠮᠲᠠ ᠦᠭᠡᠢ᠂ ᠪᠤᠰᠤᠳ ᠤᠨ ᠨᠡᠷ᠎ᠡ ᠲᠦᠷᠦ ᠶᠢ ᠬᠤᠬᠢᠷᠠᠭᠤᠯᠬᠤ ᠬᠠᠷᠢᠭᠤᠴᠠᠯᠭ᠎ᠠ ᠦᠭᠡᠢ ᠦᠭᠡ ᠶᠠᠷᠢᠶ᠎ᠠ ᠨᠡᠶᠢᠲᠡᠯᠡᠬᠦ ᠶᠢ ᠡᠷᠡᠰ ᠲᠡᠪᠴᠢᠬᠦ ᠬᠡᠷᠡᠭᠲᠡᠶ᠃ ᠡᠭᠦᠨ ᠤ ᠬᠠᠮᠲᠤ ᠥᠪᠡᠷ ᠤᠨ ᠨᠡᠷ᠎ᠡ ᠲᠥᠷᠥ ᠪᠠᠨ ᠬᠠᠶᠢᠷᠠᠯᠠᠬᠤ ᠬᠡᠷᠡᠭᠲᠡᠢ᠂ ︽ᠳᠠᠭᠤᠳᠠᠬᠤ ᠨᠠᠷ᠎ᠠ ᠶᠢ ᠠᠪᠤ ᠡᠵᠢ ᠦᠭᠴᠤ᠂ ᠳᠠᠭᠤᠷᠢᠰᠬᠤ ᠠᠯᠳᠠᠷ ᠢ ᠦᠪᠡᠷ ᠢᠶᠠᠨ ᠤᠯᠳᠠᠭ︾ ᠭᠡᠳᠡᠭ᠂ ᠪᠢᠳᠡ ᠰᠠᠶᠢᠨ ᠰᠠᠶᠢᠬᠠᠨ ᠵᠠᠩ ᠠᠷᠠᠨᠰᠢᠨ᠂ ᠬᠡᠪ ᠰᠤᠷᠳᠡᠯ ᠢ ᠪᠤᠢ ᠪᠤᠯᠭᠠᠵᠤ᠂ ᠬᠤᠪᠢ ᠬᠥᠮᠦᠨ ᠤ ᠮᠡᠳᠡᠭᠡ ᠵᠠᠩᠭᠢ ᠪᠣᠯᠤᠨ ᠨᠢᠭᠤᠴᠠ ᠪᠠᠨ ᠬᠠᠮᠠᠭᠠᠯᠠᠵᠤ ᠰᠤᠷᠬᠤ ᠬᠡᠷᠡᠭᠲᠡᠢ᠃ ᠪᠠᠰᠠ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠬᠢᠨᠠᠮᠠᠭᠠᠶ ᠰᠤᠷᠤᠯᠴᠠᠵᠤ᠂ ᠨᠡᠷ᠎ᠡ ᠲᠦᠷᠦ ᠴᠢᠨᠢ ᠬᠤᠬᠢᠷᠠᠯ ᠳᠤ ᠤᠴᠠᠷᠠᠪᠠᠯ ᠬᠠᠤᠯᠢ ᠴᠠᠭᠠᠵᠠ ᠶᠢᠨ ᠵᠠᠪᠰᠡᠭ ᠢ ᠬᠡᠷᠡᠭᠯᠡᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠴᠢᠳᠠᠬᠤ ᠬᠡᠷᠡᠭᠲᠡᠶ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号