ᠬᠤᠰᠢᠭᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠣᠬᠢᠷᠠᠭᠤᠯᠣᠯᠳᠠ | ᠪᠠᠶᠢᠷᠢᠯᠠᠭᠤᠯᠣᠯᠳᠠ ᠶᠣᠰᠣᠭᠠᠷ᠂ ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ᠂ | ᠬᠤᠶᠠᠳᠣᠭᠠᠷ᠂ ᠭᠤᠷᠪᠠᠳᠣᠭᠠᠷ ᠴᠠᠭᠳᠠᠨ ᠪᠠᠶᠢᠴᠠᠭᠠᠬᠤ ᠲᠣᠭᠤᠶᠢᠯᠠᠩ ᠲᠣᠰ ᠲᠣᠰ ᠲᠠᠷᠢᠶᠠᠯᠠᠩ ᠮᠠᠯ ᠠᠵᠣ ᠠᠬᠤᠢ ᠪᠠ | ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠲᠣᠭᠤᠶᠢᠯᠠᠩ᠂ ᠣᠷᠣᠨ ᠰᠠᠭᠤᠴᠠ ᠪᠠ | ᠬᠤᠳᠠ ᠭᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶᠠᠨ ᠤ ᠨᠠᠮ ᠤᠨ ᠲᠣᠭᠤᠶᠢᠯᠠᠩ᠂ ᠨᠢᠭᠤᠴᠠ ᠶᠢ | ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠲᠣᠭᠤᠶᠢᠯᠠᠩ᠂ ᠡᠮ ᠡᠮᠨᠡᠯᠭᠡ ᠶᠢᠨ | ᠲᠠᠭᠠᠳᠬᠠᠯ ᠤᠨ ᠲᠣᠪᠴᠢᠶᠠᠨ ᠤ ᠨᠠᠮ ᠤᠨ ᠲᠣᠭᠤᠶᠢᠯᠠᠩ᠂ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ | ᠲᠣᠭᠤᠶᠢᠯᠠᠩ᠂ ᠠᠵᠣ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠶᠢᠨ ᠨᠠᠮ ᠤᠨ ᠲᠣᠭᠤᠶᠢᠯᠠᠩ᠂ ᠰᠣᠷᠭᠠᠨ | ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠨᠠᠮ ᠤᠨ ᠲᠣᠭᠤᠶᠢᠯᠠᠩ᠂ ᠨᠢᠭᠡᠳᠦᠮᠡᠯ ᠹᠷᠤᠨᠲ ᠶᠢᠨ ᠭᠡᠯᠳᠡᠰ ᠵᠡᠷᠭᠡ | ᠨᠢᠭᠡᠴᠢ ᠳᠤ ᠴᠠᠭᠳᠠᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠣᠰᠬᠠᠵᠣ᠂ ᠬᠤᠷᠠᠯ ᠢ ᠴᠠᠬᠳᠠᠨ ᠪᠠᠶᠢᠴᠠᠭᠠᠭᠳᠠᠬᠤ | ᠨᠢᠭᠡᠴᠢ ᠶᠢᠨ ᠬᠠᠷᠢᠭᠤᠴᠠᠯᠭᠠᠳᠠᠨ ᠡᠷᠬᠢᠯᠡᠪᠡ᠃ | ᠬᠤᠰᠢᠭᠤ ᠨᠠᠮ ᠤᠨ ᠬᠤᠷᠢᠶᠠᠨ ᠤ ᠴᠠᠬᠳᠠᠨ ᠪᠠᠶᠢᠴᠠᠭᠠᠬᠤ ᠠᠵᠢᠯ ᠤᠨ ᠣᠳᠣᠷᠢᠳᠬᠤ ᠪᠠᠭ᠎ᠠ | ᠲᠣᠭᠤᠶᠢᠯᠠᠩ ᠤᠨ ᠬᠤᠯᠪᠣᠭᠳᠠᠯ ᠪᠦᠬᠦᠢ ᠣᠳᠣᠷᠢᠳᠣᠯᠭ᠎ᠠ᠂ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠡᠭᠡᠯᠵᠢ ᠶᠢᠨ ᠴᠠᠭᠳᠠᠨ ᠪᠠᠶᠢᠴᠠᠭᠠᠬᠤ ᠲᠣᠭᠤᠶᠢᠯᠠᠩ ᠤᠨ ᠲᠠᠷᠤᠭ᠎ᠠ᠂ ᠲᠣᠭᠤᠶᠢᠯᠠᠩ ᠤᠨ ᠲᠡᠳ᠋ ᠲᠠᠷᠤᠭ᠎ᠠ᠂ | ᠬᠠᠷᠢᠯᠴᠠᠭᠴᠢ᠂ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠲᠣᠭᠤᠶᠢᠯᠠᠩ ᠤᠨ ᠪᠦᠷᠢᠯᠳᠦᠬᠦᠨ ᠭᠡᠰᠢᠬᠦᠨ᠂ | ᠲᠣᠳᠣᠭᠠᠳᠣ ᠪᠠᠶᠢᠭᠤᠯᠣᠮᠵᠢ ᠶᠢᠨ ᠬᠠᠷᠢᠭᠤᠴᠠᠯᠭᠠᠳᠠᠨ ᠵᠢᠴᠢ ᠭᠡᠰᠡᠭ ᠺᠠᠳ᠋ᠷ ᠠᠵᠢᠯᠳᠠᠨ᠂ ᠬᠤᠰᠢᠭᠤᠨ ᠤ ᠰᠠᠬᠢᠯᠭ᠎ᠠ | ᠪᠠᠳᠣ ᠪᠠᠶᠢᠴᠠᠭᠠᠬᠤ ᠬᠤᠷᠢᠶ᠎ᠠ ᠶᠢᠨ ᠬᠢᠨᠡᠨ ᠪᠠᠶᠢᠴᠠᠭᠠᠬᠤ ᠵᠦᠪᠯᠡᠯ ᠤᠨ ᠬᠠᠮᠢᠶ᠎ᠠ ᠪᠦᠬᠦᠢ ᠰᠠᠬᠢᠯᠭ᠎ᠠ ᠪᠠᠳᠣ ᠬᠢᠨᠠᠨ | ᠪᠠᠶᠢᠴᠠᠭᠠᠬᠤ ᠲᠠᠰᠤᠭ ᠤᠨ ᠠᠵᠢᠯᠳᠠᠳ ᠬᠤᠷᠠᠯ ᠳᠤ ᠣᠷᠣᠯᠴᠠᠵᠠᠢ᠃ | ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠳ᠋ᠠ ᠹᠦ᠋ ᠶᠢᠨ ᠲᠣᠰᠬᠠᠢ ᠰᠡᠳᠣᠪᠳᠣ ᠬᠤᠷᠠᠯ | ᠲᠡᠭᠡᠷᠡᠬᠢ ᠠᠷᠪᠠᠨ ᠲᠦᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠬᠤ ᠦᠶ᠎ᠡ ᠶᠢᠨ ᠶᠠᠷᠢᠶᠠᠨ ᠤ | ᠵᠣᠷᠢᠭ ᠰᠠᠨᠠᠭ᠎ᠠ ᠶᠢ ᠣᠯᠠᠮᠵᠢᠯᠠᠪᠠ᠃ ᠬᠤᠷᠠᠯ ᠠᠴᠠ ᠱᠠᠭᠠᠷᠳᠠᠭᠰᠠᠨ ᠨᠢ᠄ ᠴᠠᠭᠳᠠᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠣᠯᠳᠠ ᠡᠷᠭᠡᠪᠰᠢ ︽ᠲᠦᠷᠪᠡᠨ ᠣᠬᠠᠮᠰᠠᠷ︾ ᠢ ᠪᠠᠳᠣ ᠪᠣᠢ ᠪᠣᠯᠭᠠᠵᠣ᠂ ︽ᠲᠦᠷᠪᠡᠨ ᠢᠳᠡᠭᠡᠯ︾ | ᠢᠶᠠᠨ ᠪᠠᠳᠣᠳᠬᠠᠵᠣ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠨᠠᠮ ᠳᠤ ᠪᠠᠨ ᠦᠨᠡᠨᠴᠢ ᠰᠢᠳᠣᠷᠭᠤ | ᠪᠠᠶᠢᠵᠣ᠂ ᠲᠡᠭᠡᠳᠦ ᠭᠡᠮᠵᠢᠶᠡᠨ ᠤ ᠦᠵᠡᠯ ᠰᠠᠨᠠᠭᠠᠨ ᠤ ᠣᠬᠠᠮᠰᠠᠷ᠂ ᠣᠯᠣᠰ ᠲᠦᠷᠦ ᠶᠢᠨ ᠣᠬᠠᠮᠰᠠᠷ ᠪᠠ ᠦᠢᠯᠡ | ᠠᠵᠢᠯᠯᠠᠭ᠎ᠠ ᠶᠢᠨ ᠣᠬᠠᠮᠰᠠᠷ ᠢᠶᠠᠷ ᠴᠠᠭᠳᠠᠨ ᠪᠠᠶᠢᠴᠠᠭᠠᠵᠣ᠂ ᠴᠠᠭᠳᠠᠨ ᠪᠠᠶᠢᠴᠠᠭᠠᠵᠣ ᠴᠡᠭᠴᠡᠯᠡᠨ ᠰᠠᠶᠢᠵᠢᠷᠠᠭᠤᠯᠬᠤ ᠡᠯ᠎ᠡ | ᠲᠦᠷᠦᠯ ᠤᠨ ᠠᠵᠢᠯ ᠢ ᠪᠣᠳᠠᠳᠠᠢ ᠳᠤ ᠨᠠᠶᠢᠳᠠᠪᠦᠷᠢᠵᠢᠭᠤᠯᠬᠤ ᠭᠡᠷᠡᠭᠳᠡᠢ᠃ ᠨᠠᠮ ᠤᠨ ᠲᠣᠭᠤᠶᠢᠯᠠᠩ ᠤᠨ ᠭᠤᠣᠯ | ᠬᠠᠷᠢᠭᠤᠴᠠᠯᠭᠠᠳᠠᠨ ᠡᠷᠭᠡᠪᠰᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ | ᠣᠳᠣᠷᠢᠳᠬᠤ ᠪᠠᠭ ᠤᠨ ᠪᠦᠷᠢᠯᠳᠦᠭᠦᠨ ᠨᠠᠷ ᠨᠠᠮ ᠤᠨ ᠲᠣᠳᠣᠭᠠᠳᠣ ᠲᠦᠷᠢ ᠶᠢᠨ ᠣᠬᠠᠮᠰᠠᠷ ᠢᠶᠠᠨ ᠴᠢᠩᠭᠠᠳᠬᠠᠵᠣ᠂ | ᠦᠷᠭᠡᠨ ᠣᠯᠠᠨ ᠨᠠᠮ ᠤᠨ ᠬᠡᠰᠢᠬᠦᠨ ᠺᠠᠳ᠋ᠷᠴᠣᠳ ᠴᠡᠭᠴᠡᠯᠡᠨ ᠰᠠᠶᠢᠵᠢᠷᠠᠭᠤᠯᠵᠣ ᠨᠠᠶᠢᠳᠠᠪᠦᠷᠢᠵᠢᠭᠤᠯᠬᠤ ᠶᠢ ᠨᠠᠷᠢᠨ | ᠬᠢᠨᠠᠮᠠᠭᠠᠢ ᠰᠠᠶᠢᠳᠦᠷ ᠠᠳᠬᠤᠬᠤ ᠭᠡᠷᠡᠭᠳᠡᠢ ᠭᠡᠪᠡ᠃ ᠬᠤᠷᠠᠯ ᠠᠴᠠ ᠴᠢᠬᠤᠯᠨᠴᠢᠯᠠᠭᠰᠠᠨ ᠨᠢ᠄ ᠴᠠᠭᠳᠠᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠣᠯᠳᠠ ᠴᠡᠭᠴᠡᠯᠡᠨ ᠰᠠᠶᠢᠵᠢᠷᠠᠭᠤᠯᠬᠤ ︽ᠬᠡᠮᠵᠢᠬᠦᠷ︾ ᠢ ᠰᠠᠶᠢᠳᠦᠷ | ᠠᠳᠬᠤᠵᠣ᠂ ᠨᠠᠮ ᠤᠨ ᠲᠣᠭᠤᠶᠢᠯᠠᠩ ᠪᠣᠯᠣᠨ ᠪᠦᠬᠦ ᠺᠠᠳ᠋ᠷᠴᠣᠳ ᠴᠠᠭᠳᠠᠨ ᠪᠠᠶᠢᠴᠠᠭᠠᠬᠤ ᠲᠣᠭᠤᠶᠢᠯᠠᠩ ᠤᠨ ᠵᠢᠭᠠᠵᠣ | ᠭᠠᠷᠭᠠᠭᠰᠠᠨ ᠠᠰᠠᠭᠤᠳᠠᠯ ᠲᠠᠢ ᠬᠠᠷᠢᠴᠠᠭᠤᠯᠣᠨ ᠰᠢᠯᠳᠠᠭᠠᠨ ᠢ ᠬᠦᠨᠵᠡᠭᠡᠢ ᠵᠠᠳᠠᠯᠵᠣ᠂ ᠪᠠᠶᠢᠭᠤᠯᠭ᠎ᠠ ᠶᠢᠨ ᠪᠣᠳᠠᠳᠣ | ᠪᠠᠶᠢᠳᠠᠯ ᠲᠠᠢ ᠣᠶᠠᠯᠳᠣᠭᠤᠯᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠭᠡᠮᠵᠢᠶ᠎ᠡ ᠶᠢ ᠬᠢᠨᠠᠮᠠᠭᠠᠢ ᠲᠣᠭᠳᠠᠭᠠᠵᠣ᠂ | ᠴᠡᠭᠴᠡᠯᠡᠨ ᠰᠠᠶᠢᠵᠢᠷᠠᠭᠤᠯᠬᠤ ᠠᠷᠭ᠎ᠠ ᠠᠪᠴᠠᠯ ᠢ ᠨᠠᠷᠢᠨ ᠨᠢᠮᠪᠠᠢ ᠨᠠᠶᠢᠳᠠᠪᠦᠷᠢᠵᠢᠭᠤᠯᠵᠣ᠂ ᠨᠢᠭᠡ ᠪᠠᠷ ᠵᠦᠢᠴᠢᠯᠡᠵᠦ | ᠨᠦᠭᠦᠭᠡ ᠶᠢ ᠮᠡᠳᠡᠬᠦ ᠬᠠᠮᠢᠶ᠎ᠠ ᠪᠦᠬᠦᠢ ᠲᠦᠷᠢᠮ ᠲᠣᠭᠳᠠᠭᠠᠯ ᠢ ᠲᠡᠭᠦᠯᠳᠡᠷᠵᠢᠬᠦᠯᠵᠦ᠂ ᠴᠡᠭᠴᠡᠯᠡᠨ ᠰᠠᠶᠢᠵᠢᠷᠠᠭᠤᠯᠣᠭᠰᠠᠨ | ᠪᠣᠳᠠᠳᠠᠢ ᠦᠷ᠎ᠡ ᠪᠦᠳᠦᠮᠵᠢ ᠪᠠᠷ ᠠᠵᠢᠯ ᠢᠶᠠᠨ ᠠᠬᠢᠭᠤᠯᠵᠣ᠂ ᠴᠠᠭᠳᠠᠨ ᠪᠠᠶᠢᠴᠠᠭᠠᠬᠤ ᠦᠩᠬᠡᠨ ᠲᠠᠯ᠎ᠠ ᠪᠠ ᠦᠨᠳᠣᠰᠣ | ᠰᠣᠷᠪᠣᠯᠵᠢ ᠶᠢ ᠵᠡᠷᠭᠡ ᠪᠠᠷ ᠵᠠᠰᠠᠵᠣ ᠦᠷ᠎ᠡ ᠪᠦᠳᠦᠮᠵᠢ ᠣᠯᠬᠤ ᠭᠡᠷᠡᠭᠳᠡᠢ ᠭᠡᠰᠡᠨ ᠪᠠᠶᠢᠨ᠎ᠠ᠃ ᠴᠠᠭᠳᠠᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠣᠯᠳᠠ ᠶᠢᠨ ᠭᠤᠣᠯ ᠬᠠᠷᠢᠭᠤᠴᠠᠯᠭᠠᠳᠠᠨ ᠠᠴᠠ ᠴᠡᠭᠴᠡᠯᠡᠨ | ᠰᠠᠶᠢᠵᠢᠷᠠᠭᠤᠯᠬᠤ ᠠᠵᠢᠯ ᠤᠨ ᠡᠭᠦᠷᠭᠡ ᠶᠢ ᠣᠯᠠᠮ ᠨᠢᠭᠡ ᠠᠯᠬᠤᠮ ᠪᠣᠳᠠᠳᠠᠢ ᠠᠳᠬᠤᠵᠣ᠂ ᠴᠡᠭᠴᠡᠯᠡᠨ | ᠰᠠᠶᠢᠵᠢᠷᠠᠭᠤᠯᠬᠤ ᠠᠵᠢᠯ ᠢ ᠣᠳᠣᠬᠠᠨ ᠤ ᠡᠯ᠎ᠡ ᠲᠦᠷᠦᠯ ᠤᠨ ᠠᠵᠢᠯ ᠲᠠᠢ ᠨᠢᠭᠳᠠ ᠣᠶᠠᠯᠳᠣᠭᠤᠯᠵᠣ᠂ ᠲᠣᠰ | ᠪᠡᠶ᠎ᠡ ᠶᠢᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠲᠦᠷᠢᠮ ᠲᠣᠭᠳᠠᠭᠠᠯ ᠢ ᠪᠣᠳᠠᠳᠠᠢ ᠳᠤ ᠨᠠᠶᠢᠳᠠᠪᠦᠷᠢᠵᠢᠭᠤᠯᠵᠣ᠂ | ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠬᠠᠭᠤᠴᠢᠨ ᠪᠠᠷᠭᠤ ᠬᠤᠰᠢᠭᠤᠨ ᠤ ᠬᠠᠮ ᠵᠠᠭᠤᠴᠢᠯᠠᠭᠤᠷ ᠤᠨ | ᠲᠦᠪ ᠤᠨ ᠡᠯ᠎ᠡ ᠲᠦᠷᠦᠯ ᠤᠨ ᠠᠵᠢᠯ ᠢ ᠨᠡᠩ ᠵᠢᠷᠦᠮᠵᠢᠯ ᠲᠠᠢ ᠦᠨᠳᠣᠷ ᠪᠦᠳᠦᠮᠵᠢᠳᠡᠢ ᠡᠮᠬᠢ ᠵᠢᠷᠦᠮ ᠲᠠᠢ | ᠲᠠᠶᠢᠴᠢᠯᠠᠨ ᠠᠬᠢᠭᠤᠯᠵᠣ᠂ ᠬᠢᠷᠢ ᠲᠡᠩᠴᠡᠭᠰᠡᠨ ᠴᠠᠭᠳᠠᠨ ᠪᠠᠶᠢᠴᠠᠭᠠᠵᠣ ᠴᠡᠭᠴᠡᠯᠡᠨ ᠰᠠᠶᠢᠵᠢᠷᠠᠭᠤᠯᠣᠭᠰᠠᠨ ᠬᠢᠷᠢ | ᠪᠦᠳᠦᠮᠵᠢ ᠶᠢᠨ ᠬᠠᠭᠤᠳᠠᠰᠣ ᠶᠢ ᠲᠣᠰᠢᠶᠠᠨ᠎ᠠ ᠬᠡᠵᠦ ᠢᠯᠡᠷᠭᠡᠶᠢᠯᠡᠪᠡ᠃ | ᠣᠳ᠋ᠪᠠᠯ᠎ᠠ ᠪᠠᠭᠠᠳᠣᠷ ᠣᠳᠣᠨ | |