ᠴᠠᠰᠤ ᠣᠷᠣᠬᠤ ᠦᠶ᠎ᠡ ᠳᠤ᠂ ᠬᠦᠯᠡᠮᠵᠢ ᠳᠤ ᠬᠥᠨᠵᠢᠯᠡ ᠪᠠᠨ ᠴᠠᠭ ᠲᠤᠬᠠᠶ ᠳᠤᠨᠢ ᠪᠦᠷᠬᠦᠬᠦ ᠬᠡᠷᠡᠭᠲᠡᠶ᠃ | ᠣᠷᠣᠢ ᠶᠢᠨ ᠴᠠᠭ ᠲᠤ ᠪᠦᠷᠬᠦᠪᠡᠯ ᠬᠠᠮᠤᠭ ᠰᠠᠶᠢᠨ᠂ ᠲᠡᠭᠡᠪᠡᠯ ᠴᠠᠰᠣ ᠬᠠᠶᠢᠯᠤᠭᠰᠠᠨ ᠴᠤ ᠬᠦᠨᠵᠢᠯᠡ | ᠪᠦᠷᠬᠦᠭᠰᠡᠨ ᠠᠴᠠ ᠬᠦᠯᠳᠡᠬᠦ ᠶᠢ ᠰᠡᠷᠭᠡᠶᠢᠯᠡᠵᠦ ᠳᠡᠶᠢᠯᠦᠨ᠎ᠡ᠃ ᠡᠳᠦᠷ ᠬᠦᠨᠵᠢᠯᠡ ᠪᠠᠨ ᠣᠷᠢᠶᠠᠨ ᠬᠤᠷᠢᠶᠠᠵᠣ᠂ ᠴᠠᠰᠤ | ᠬᠡᠲᠦᠷᠬᠡᠶ ᠵᠤᠵᠠᠭᠠᠷᠠᠬᠤ ᠠᠴᠠ ᠵᠶᠢᠯᠠᠰᠬᠢᠬᠤ ᠬᠡᠷᠡᠭᠲᠡᠢ᠂ ᠭᠡᠪᠡᠴᠦ ᠬᠤᠷᠠᠭᠰᠠᠨ ᠴᠠᠰᠤ ᠬᠠᠶᠢᠯᠬᠤ ᠠᠴᠠ ᠫᠧᠩ | ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠣᠴᠢᠷ ᠠᠴᠠ ᠳᠤᠯᠠᠭᠠᠨ ᠢ ᠨᠡᠮᠡᠭᠳᠡᠭᠦᠯᠬᠦ ᠪᠡᠯᠡᠳᠬᠡᠯ ᠢ | ᠰᠠᠶᠢᠲᠤᠷ ᠬᠢᠬᠦ ᠴᠢᠬᠤᠯᠠᠲᠠᠶ᠃ ᠴᠢᠳᠠᠪᠠᠯ ᠪᠦᠯᠢᠶᠡᠨ ᠤᠰᠤ ᠪᠠᠷ ᠫᠧᠩ ᠪᠦᠷᠬᠦᠪᠴᠢ ᠶᠢᠨ ᠳᠡᠭᠡᠷᠡᠬᠢ ᠬᠤᠭ ᠲᠣᠭᠤᠰᠣ | ᠂ ᠪᠤᠵᠠᠷ ᠪᠣᠳᠠᠰ ᠵᠢᠴᠢ ᠬᠤᠷᠠᠭᠰᠠᠨ ᠴᠠᠰᠤ ᠶᠢ ᠠᠷᠢᠯᠭᠠᠵᠤ ᠪᠣᠯᠤᠨ᠎ᠠ᠃ ᠬᠦᠯᠡᠮᠵᠢ ᠳᠣᠲᠣᠷᠠᠬᠢ ᠨᠡᠷᠡᠨ ᠤ | ᠲᠤᠰᠤᠯᠲᠠ ᠶᠢᠨ ᠴᠠᠭ ᠢ ᠨᠡᠮᠡᠭᠳᠡᠭᠦᠯᠵᠦ᠂ ᠬᠦᠯᠡᠮᠵᠢ ᠶᠢᠨ ᠳᠤᠯᠠᠭᠠᠨ ᠢ ᠳᠡᠭᠡᠭᠰᠢᠯᠡᠭᠦᠯᠦᠨ᠎ᠡ᠂ ᠡᠭᠦᠨ ᠤ ᠬᠠᠮᠲᠤ | ᠬᠥᠨᠵᠢᠯᠡ ᠪᠠᠨ ᠣᠷᠢᠶᠠᠬᠤ ᠦᠶ᠎ᠡ ᠳᠤ ︽ᠡᠷᠭᠢᠭᠦᠯᠭᠡ︾ ᠬᠢᠬᠦ ᠶᠢ ᠠᠩᠬᠠᠷᠬᠤ ᠬᠡᠷᠡᠭᠲᠡᠶ᠃ ᠤᠷᠲᠤ ᠬᠤᠭᠤᠴᠠᠭ᠎ᠠ ᠪᠠᠷ | ᠳᠣᠣᠷ᠎ᠠ ᠳᠤᠯᠠᠭᠠᠨ ᠤ ᠣᠷᠴᠢᠨ ᠲᠣᠭᠤᠷᠢᠨ ᠳᠤ ᠪᠠᠶᠢᠭᠰᠠᠨ ᠠᠴᠠ ᠭᠡᠨᠡᠳᠲᠡ ᠶᠢᠨ ᠬᠤᠷᠴᠠ ᠭᠡᠷᠡᠯ ᠤᠨ | ᠲᠤᠰᠤᠯᠲᠠ ᠶᠢ ᠰᠡᠷᠭᠡᠶᠢᠯᠡᠵᠦ᠂ ᠹᠢᠽᠢᠣᠯᠣᠭᠢ ᠶᠢᠨ ᠴᠢᠨᠠᠷᠲᠠᠢ ᠦᠬᠦᠰᠢᠷᠡᠯ ᠡᠬᠦᠰᠬᠦ ᠶᠢ ᠰᠡᠷᠬᠡᠶᠢᠯᠡᠨ᠎ᠡ᠃ | ᠪᠦᠷᠬᠦᠭᠡᠰᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠬᠦᠯᠡᠮᠵᠢ ᠶᠢᠨ ᠳᠣᠲᠣᠷ᠎ᠠ ᠬᠤᠶᠠᠷ ᠪᠦᠷᠬᠦᠭᠦᠯ | ᠲᠣᠬᠤᠬᠤ ᠪᠤᠶᠤ ᠵᠢᠵᠢᠭ ᠭᠤᠯᠳᠤᠩ ᠫᠧᠩᠰᠡ ᠲᠠᠯᠪᠢᠬᠤ ᠶᠢᠨ ᠬᠠᠮᠲᠤ ᠡᠪᠡᠰᠦᠨ ᠣᠷᠬᠢᠭᠤᠯ ᠳᠠᠷᠤᠨ᠎ᠠ᠃ | ᠬᠦᠯᠡᠮᠵᠢ ᠶᠢᠨ ᠡᠮᠦᠨ᠎ᠡ ᠲᠠᠯ᠎ᠠ ᠳᠤ ᠡᠪᠡᠰᠦᠨ ᠪᠦᠲᠡᠭᠡᠯᠭᠡ ᠪᠤᠶᠤ ᠡᠷᠳᠡᠨᠢ ᠰᠢᠰᠢ ᠶᠢᠨ ᠰᠦᠷᠡᠯ ᠨᠡᠮᠡᠨ᠎ᠡ᠃ ᠳᠤᠯᠠᠭᠠᠨ | ᠬᠠᠳᠠᠭᠠᠯᠠᠬᠤ ᠠᠷᠭ᠎ᠠ ᠪᠠᠷ ᠳᠤᠯᠠᠭᠠᠨ ᠤ ᠬᠡᠮᠵᠢᠶ᠎ᠡ ᠶᠢ 1℃ ᠠᠴᠠ 2℃ ᠨᠡᠮᠡᠭᠳᠡᠭᠦᠯᠵᠦ ᠴᠢᠳᠠᠨ᠎ᠠ᠃ ᠡᠭᠦᠨ ᠤ | ᠬᠠᠮᠲᠤ᠂ ᠤᠤᠯ ᠤᠨ ᠬᠥᠨᠵᠢᠯᠡ ᠪᠤᠶᠤ ᠡᠪᠡᠰᠦᠨ ᠪᠦᠲᠡᠭᠡᠯᠭᠡ ᠳᠡᠭᠡᠷ᠎ᠡ ᠪᠠᠰᠠ ᠨᠢᠭᠡ ᠳᠠᠪᠬᠤᠷ ᠨᠢᠮᠭᠡᠨ ᠪᠦᠲᠡᠭᠡᠯᠭᠡ | ᠪᠤᠶᠤ ᠫᠧᠩ ᠪᠦᠷᠬᠦᠪᠴᠢ ᠶᠢ ᠨᠡᠮᠡᠵᠦ᠂ ᠠᠮᠠᠰᠠᠷ ᠪᠠ ᠫᠧᠩ ᠤᠨ ᠡᠮᠦᠨ᠎ᠡ ᠲᠠᠯ᠎ᠠ ᠶᠢ ᠴᠢᠩᠭ᠎ᠠ ᠪᠢᠲᠡᠭᠦᠮᠵᠢᠯᠡᠪᠡᠯ᠂ | ᠫᠧᠩ ᠤᠨ ᠳᠤᠯᠠᠭᠠᠨ ᠢ 2℃ ᠠᠴᠠ 3℃ ᠳᠡᠭᠡᠭᠰᠢᠯᠡᠭᠦᠯᠵᠦ ᠪᠣᠯᠤᠨ᠎ᠠ᠃ ᠤᠤᠯ ᠤᠨ ᠡᠪᠡᠰᠦᠨ ᠪᠦᠲᠡᠭᠡᠯᠭᠡ ᠳᠡᠭᠡᠷ᠎ᠡ | ᠨᠢᠭᠡ ᠳᠠᠪᠬᠤᠷᠭ᠎ᠠ ᠨᠢᠮᠭᠡᠨ ᠪᠦᠷᠬᠦᠭᠦᠯ ᠪᠦᠷᠬᠦᠵᠦ᠂ ᠰᠠᠯᠬᠢ ᠬᠠᠯᠬᠠᠯᠠᠵᠤ ᠴᠢᠳᠠᠬᠤ ᠪᠠᠷ ᠪᠠᠷᠠᠬᠤ ᠦᠭᠡᠢ᠂ ᠪᠠᠰᠠ | ᠪᠣᠷᠣᠭᠠᠨ ᠴᠠᠰᠣᠨ ᠠᠴᠠ ᠪᠣᠯᠵᠣ ᠴᠢᠬᠢᠭᠳᠡᠬᠦ᠂ ᠬᠥᠯᠳᠡᠵᠦ ᠬᠥᠰᠢᠬᠦ ᠶᠢ ᠰᠡᠷᠭᠡᠶᠢᠯᠡᠵᠦ ᠴᠢᠳᠠᠨ᠎ᠠ᠃ ᠢᠰᠡᠭᠡᠢ | ᠲᠠᠲᠠᠬᠤ ᠨᠢ ᠰᠠᠷᠠᠪᠴᠢᠨ ᠳᠣᠲᠣᠷ᠎ᠠ ᠬᠠᠮᠤᠭ ᠠᠩᠬᠠᠨ ᠤ ᠳᠤᠯᠠᠭᠠᠨ ᠪᠠᠭᠤᠷᠠᠵᠣ ᠬᠦᠢᠲᠡᠨ ᠤ ᠭᠠᠮᠰᠢᠭ ᠢ | ᠡᠭᠦᠰᠬᠦ ᠠᠴᠠ ᠵᠠᠶᠢᠯᠠᠰᠭᠢᠵᠣ ᠴᠢᠳᠠᠨ᠎ᠠ᠃ ᠪᠠᠰᠠ ᠤᠰᠤᠨ ᠤ ᠠᠭᠤᠷᠰᠢᠯᠲᠠ ᠠᠴᠠ ᠪᠣᠯᠤᠭᠰᠠᠨ ᠢᠯᠴᠢ ᠶᠢᠨ | ᠰᠠᠷᠨᠢᠯᠲᠠ ᠶᠢ ᠪᠠᠭᠠᠰᠬᠠᠨ᠎ᠠ᠃ | | | | | ᠬᠥᠮᠦᠨ ᠤ ᠬᠦᠴᠦ ᠪᠠᠷ ᠳᠤᠯᠠᠭᠠᠨ ᠢ ᠨᠡᠮᠡᠭᠳᠡᠭᠦᠯᠵᠦ᠂ ᠴᠠᠭ ᠲᠤᠬᠠᠢ ᠳᠤᠨᠢ ᠭᠡᠷᠡᠯ ᠤᠨ ᠲᠤᠰᠤᠯᠲᠠ ᠶᠢ | ᠨᠥᠬᠦᠪᠥᠷᠢᠯᠡᠨ᠎ᠡ᠃ ᠰᠠᠷᠠᠪᠴᠢᠨ ᠭᠡᠷ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠬᠦᠢᠲᠡᠨ ᠳᠤ ᠭᠠᠵᠠᠷ | ᠬᠥᠯᠳᠡᠬᠦ ᠠᠴᠠ ᠠᠶᠤᠬᠤ ᠦᠭᠡᠢ᠂ ᠬᠠᠷᠢᠨ ᠪᠦᠷᠬᠦᠭ ᠴᠠᠰᠤ ᠲᠠᠢ ᠡᠳᠦᠷ ᠭᠡᠷᠡᠯ ᠭᠦᠢᠴᠡᠳ ᠦᠭᠡᠢ ᠠᠴᠠ ᠠᠶᠤᠨ᠎ᠠ᠃ | ᠨᠣᠭᠤᠭᠠᠨ ᠤ ᠲᠠᠷᠢᠶᠠᠴᠢᠨ ᠰᠠᠷᠠᠪᠴᠢᠨ ᠭᠡᠷ ᠤᠨ ᠠᠷᠤ ᠬᠡᠷᠡᠮ ᠳᠤ ᠨᠢᠭᠡᠨ ᠭᠡᠷᠡᠯ ᠣᠶᠢᠯᠭᠠᠬᠤ ᠪᠦᠷᠬᠦᠭᠦᠯ ᠡᠯᠭᠦᠵᠦ | ᠪᠣᠯᠤᠨ᠎ᠠ᠃ ᠭᠡᠷᠡᠯ ᠤᠨ ᠲᠤᠰᠤᠯᠲᠠ ᠶᠢᠨ ᠬᠦᠴᠦᠯᠡᠴᠡ ᠶᠢ ᠨᠡᠮᠡᠭᠳᠡᠭᠦᠯᠬᠦ ᠶᠢᠨ ᠲᠥᠯᠥᠭᠡ ᠪᠠᠰᠠ ᠫᠧᠩ ᠤᠨ ᠭᠡᠷ | ᠳᠣᠲᠣᠷ᠎ᠠ ᠴᠠᠬᠢᠯᠭᠠᠨ ᠳ᠋ᠧᠩ ᠤᠭᠰᠠᠷᠠᠵᠤ ᠪᠣᠯᠤᠨ᠎ᠠ᠃ ᠪᠦᠷᠬᠦᠭ ᠴᠠᠰᠤ ᠲᠠᠢ ᠡᠳᠦᠷ ᠨᠡᠷᠡᠨ ᠤ ᠲᠤᠰᠤᠯᠲᠠ ᠠᠨᠠᠢ | ᠪᠠᠶᠢᠳᠠᠯ ᠳᠣᠣᠷ᠎ᠠ᠂ ᠥᠷᠯᠥᠭᠡ ᠦᠳᠡᠰᠢ ᠳ᠋ᠧᠩ ᠠᠰᠠᠭᠠᠵᠤ ᠲᠤᠰ ᠪᠦᠷᠢ 3 ᠴᠠᠭ ᠬᠢᠷᠢᠲᠡᠶ ᠭᠡᠷᠡᠯ ᠨᠥᠬᠦᠪᠥᠷᠢᠯᠡᠨ᠎ᠡ ︵ | ᠰᠥᠨᠢ ᠳᠦᠯᠢ 8 ᠴᠠᠭ ᠣᠷᠴᠢᠮ ᠤᠨ ᠬᠠᠷᠠᠩᠭᠤᠶ ᠴᠠᠭ ᠪᠠᠶᠢᠬᠤ ᠶᠢ ᠠᠩᠬᠠᠷᠬᠤ ᠬᠡᠷᠡᠭᠲᠡᠶ︶᠃ ᠢᠩᠭᠢᠪᠡᠯ | ᠰᠠᠷᠠᠪᠴᠢ ᠶᠢᠨ ᠥᠷᠥᠭᠡᠨ ᠤ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠮᠥᠷᠲᠡᠭᠡᠨ ᠢᠳᠡᠰᠢᠨ ᠨᠣᠭᠤᠭ᠎ᠠ ᠶᠢᠨ | ᠤᠷᠭᠤᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠴᠦ ᠠᠬᠢᠭᠤᠯᠳᠠᠭ᠃ | | | | ᠵᠦᠶ ᠵᠣᠬᠢᠰᠲᠠᠶ ᠡᠮ ᠬᠡᠷᠡᠭᠯᠡᠵᠦ᠂ ᠢᠳᠡᠰᠢᠨ ᠨᠣᠭᠤᠭ᠎ᠠ ᠶᠢᠨ ᠢᠳᠡᠷᠡᠭᠦᠨ ᠪᠤᠶᠢᠵᠢᠬᠤ ᠶᠢ ᠪᠠᠲᠣᠯᠠᠪᠠᠯ ᠵᠣᠬᠢᠨ᠎ᠠ᠃ | ᠣᠶᠢᠷ᠎ᠠ ᠶᠢᠨ ᠬᠡᠳᠦᠨ ᠵᠢᠯ ᠤᠨ ᠬᠦᠢᠲᠡᠨ ᠢ ᠡᠰᠡᠷᠭᠦᠴᠡᠵᠦ ᠬᠥᠯᠳᠡᠬᠦ ᠶᠢ ᠰᠡᠷᠭᠡᠶᠢᠯᠡᠬᠦ ᠦᠢᠯᠡᠳᠦᠯᠭᠡ ᠶᠢᠨ | ᠲᠤᠷᠰᠢᠯᠭ᠎ᠠ ᠶᠢ ᠦᠨᠳᠦᠰᠦᠯᠡᠪᠡᠯ᠂ ᠰᠢᠪᠲᠦᠷᠲᠦ ᠬᠦᠴᠢᠯ ᠪᠠ ᠢᠯᠵᠢᠮᠡᠭ ᠬᠦᠴᠢᠯ ᠢ ᠰᠦᠷᠴᠢᠬᠦ ᠨᠢ ᠲᠠᠷᠢᠮᠠᠯ ᠤᠨ | ᠬᠦᠢᠲᠡᠨ ᠢ ᠳᠠᠭᠠᠭᠠᠬᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠡᠪᠡᠳᠴᠢᠨ ᠤ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠰᠠᠶᠢᠲᠤᠷ ᠬᠢᠬᠦ ᠳᠤ ᠴᠦ ᠠᠰᠢᠭᠲᠠᠢ ᠶᠤᠮ᠃ ︵ᠣᠷᠴᠢᠭᠤᠯᠤᠨ ᠨᠠᠶᠢᠷᠠᠭᠤᠯᠤᠭᠴᠢ᠄ ᠹᠧᠩ ᠶᠢᠩ | ᠨᠠᠨᠳᠢᠨ︶ | | | | | | | | |