ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2020/10/27
    2020 ᠣᠨ ᠤ 10 ᠰᠠᠷ᠎ᠠ ᠶᠢᠨ 24 ᠤ ᠡᠳᠦᠷ᠂ ᠺᠠᠱᠭᠠᠷ ᠲᠤᠰᠬᠠᠶ ᠣᠷᠣᠨ ᠤ ᠱᠦᠹᠦ᠋ ᠰᠢᠶᠠᠨ ᠳᠤ ᠲᠣᠰ ᠭᠠᠵᠠᠷ ᠤᠨ ᠰᠢᠨ ᠎ᠡ ᠲᠢᠲᠢᠮ ᠠᠭᠤᠰᠬᠢᠨ ᠦᠷᠪᠢᠰᠦᠯ ᠤᠨ ᠡᠪᠡᠳᠴᠢᠨ ᠤ ᠰᠢᠨᠵᠢ ᠥᠬᠡᠶ ᠬᠠᠯᠳᠠᠪᠤᠷᠢᠯᠠᠭᠰᠠᠳ ᠢ 1 ᠰᠢᠨ᠎ᠡ ᠪᠠᠷ ᠨᠡᠮᠡᠪᠡ᠃ 10 ᠰᠠᠷ᠎ᠠ ᠶᠢᠨ 25 ᠤ ᠣᠷᠣᠢ ᠪᠣᠯᠲᠠᠯ᠎ᠠ᠂ ᠺᠠᠱᠭᠠᠷ ᠣᠷᠣᠨ ᠳᠤ ᠡᠪᠡᠳᠴᠢᠨ ᠦᠭᠡᠢ ᠬᠠᠯᠳᠠᠪᠤᠷᠢᠯᠠᠭᠰᠠᠳ ᠢ 138 ᠢᠯᠡᠷᠡᠭᠦᠯᠵᠦ᠂ ᠲᠤᠬᠠᠢ ᠶᠢᠨ ᠭᠠᠵᠠᠷ ᠤᠨ ᠬᠢᠨ ᠨᠢᠭᠡᠳᠦᠭᠡᠷ ᠳᠡᠰ ᠤᠨ ᠴᠤᠤᠷᠢᠶᠠᠲᠤᠯ ᠢᠶᠠᠨ ᠡᠬᠢᠯᠡᠭᠦᠯᠵᠡᠢ᠃ ᠣᠳᠣᠬᠠᠨ ᠳᠤ ᠣᠯᠠᠨ ᠤᠯᠤᠰ ᠠᠴᠠ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠭᠰᠠᠨ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ  ᠪᠠᠶᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠨᠡᠯᠢᠶᠡᠳ ᠶᠡᠭᠡ  ᠪᠠᠶᠢᠭ᠎ᠠ ᠪᠣᠳᠠᠲᠤ ᠪᠠᠢᠳᠠᠯ ︽ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ᠂ ᠳᠣᠲᠣᠭᠠᠳᠤ ᠰᠡᠷᠭᠡᠶᠢᠯᠡᠯᠲᠡ ᠶᠢᠨ ᠳᠠᠬᠢᠨ ᠰᠡᠷᠭᠦᠬᠦ︾ ᠪᠠ ᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠭ᠎ᠠ ᠳᠤᠷᠠᠳᠤᠶ᠎ᠠ᠄     ᠨᠢᠭᠡ᠂ 10 ᠰᠠᠷ᠎ᠠ ᠶᠢᠨ 10 ᠤ ᠡᠳᠦᠷ ᠠᠴᠠ ᠨᠠᠰᠢ᠂ ᠺᠠᠱᠭᠠᠷ ᠣᠷᠣᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ᠂ ᠢᠯᠠᠩᠭᠤᠶ᠎ᠠ ᠱᠣ᠋ ᠹᠦ᠋ ᠰᠢᠶᠠᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠲᠣᠮᠢᠯᠠᠭᠰᠠᠨ ᠰᠠᠯᠪᠤᠷᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠬᠥᠮᠦᠨ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠢᠶᠠᠷ ᠨᠡᠪᠲᠡᠷᠡᠬᠦ ᠺᠣᠳ᠋ ᠢᠶᠠᠨ ᠭᠠᠷᠭᠠᠵᠤ ᠦᠵᠡᠭᠦᠯᠦᠭᠰᠡᠨ ᠪᠠᠶᠢᠬᠤ ᠬᠡᠷᠡᠭᠲᠡᠢ᠃ ᠪᠡᠶ᠎ᠡ ᠶᠢᠨ ᠳᠤᠯᠠᠭᠠᠨ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠵᠦ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠭᠠᠷᠭᠠᠵᠤ ᠥᠭᠭᠦᠨ᠎ᠡ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠦᠬᠦᠢ ᠵᠠᠷᠤᠳᠠᠯ ᠢ ᠥᠪᠡᠷ ᠢᠶᠠᠷ ᠰᠢᠢᠳᠪᠦᠷᠢᠯᠡᠬᠦ ᠪᠣᠯᠤᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠵᠤ ᠮᠡᠳᠡᠪᠡᠯ᠂ ᠳᠠᠷᠤᠶ ᠲᠦᠷᠭᠡᠨ ᠱᠠᠭᠠᠷᠳᠠᠯᠭ᠎ᠠ ᠶᠣᠰᠣᠭᠠᠷ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠨ ᠡᠮᠨᠡᠨ ᠵᠠᠰᠠᠭᠤᠯᠵᠤ᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠬᠢᠵᠠᠭᠠᠷᠯᠠᠬᠤ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃     ᠬᠤᠶᠠᠷ᠂ 10 ᠰᠠᠷ᠎ᠠ ᠶᠢᠨ 10 ᠤ ᠡᠳᠦᠷ ᠠᠴᠠ ᠰᠡᠭᠦᠯᠡᠷ ᠺᠠᠱᠭᠠᠷ ᠣᠷᠣᠨ᠂ ᠢᠯᠠᠩᠭᠤᠶ᠎ᠠ ᠱᠣ᠋ ᠹᠦ᠋ ᠰᠢᠶᠠᠨ ᠠᠴᠠ ᠪᠤᠴᠠᠵᠤ ᠢᠷᠡᠭᠰᠡᠨ ᠬᠥᠮᠦᠰ ᠲᠠᠢ ᠬᠠᠷᠢᠯᠴᠠᠵᠤ ᠥᠩᠭᠡᠷᠡᠭᠰᠡᠨ ᠬᠥᠯᠥᠨ ᠪᠤᠶᠢᠷ ᠬᠤᠲᠠ ᠳᠤ  ᠪᠠᠶᠢᠭ᠎ᠠ ᠬᠥᠮᠦᠰ ᠪᠠᠶ᠋ᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠲᠣᠮᠢᠯᠠᠭᠰᠠᠨ ᠰᠠᠯᠪᠤᠷᠢ ᠳᠤ ᠳᠠᠩᠰᠠᠯᠠᠭᠤᠯᠤᠨ ᠮᠡᠳᠡᠭᠦᠯᠦᠨ ᠬᠦᠷᠭᠡᠵᠦ᠂ ᠵᠢᠱᠢᠶᠡᠯᠡᠪᠡᠯ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠢᠯᠡᠷᠡᠬᠦ ᠬᠡᠷᠡᠭᠲᠡᠢ᠃ ᠨᠢᠭᠡ ᠯᠡ ᠤᠳᠠᠭ᠎ᠠ ᠶᠢᠨ ᠴᠢᠨᠠᠷᠲᠠᠶ ᠡᠮᠨᠡᠯᠭᠡ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠶᠢ ᠵᠡᠭᠦᠵᠦ᠂ ᠴᠠᠭ ᠲᠤᠬᠠᠶ ᠳᠤᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠪᠡ ᠬᠦᠨᠳᠦ ᠨᠣᠴᠢᠲᠠᠶ ᠢᠯᠡᠷᠡᠯ ᠭᠠᠷᠤᠭᠰᠠᠨ ᠪᠣᠯ ᠳᠠᠷᠦ᠋ᠢᠬᠠᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃     ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠣᠨᠴᠠᠭᠠᠶᠢᠯᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ ᠦᠶ᠎ᠡ ᠳᠤ︶᠂ ᠬᠥᠮᠦᠨ ᠤ ᠴᠤᠭᠯᠠᠷᠠᠯ ᠢ ᠪᠠᠭᠠᠰᠬᠠᠨ᠎ᠠ᠃ ᠭᠠᠷ ᠢᠶᠠᠨ ᠤᠬᠢᠶᠠᠬᠤ᠂ ᠰᠠᠯᠬᠢ ᠵᠢᠪᠠᠷ ᠨᠡᠪᠲᠡᠷᠡᠭᠦᠯᠬᠦ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠶᠢ ᠠᠩᠬᠠᠷᠤᠨ᠎ᠠ᠃ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠳᠤ᠂ ᠣᠶᠢᠷ᠎ᠠ ᠶᠢᠨ ᠬᠤᠭᠤᠴᠠᠭᠠᠨ ᠳᠤ ᠺᠠᠱᠭᠠᠷ ᠣᠷᠣᠨ ᠳᠤ ᠣᠴᠢᠬᠤ ᠴᠢᠬᠤᠯᠠ ᠦᠭᠡᠶ ᠪᠣᠯ ᠣᠴᠢᠬᠤ ᠶᠢ ᠵᠠᠶᠢᠯᠠᠰᠬᠢᠨ᠎ᠠ᠃
 
                                                                ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ
                   ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠬᠠᠯᠳᠠᠪᠤᠷᠢᠯᠠᠨ

                   ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
   
                   2020 ᠣᠨ ᠤ 10 ᠰᠠᠷ᠎ᠠ ᠶᠢᠨ 26 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号