ᠠᠷᠠᠳ ᠲᠤ ᠪᠤᠶᠠᠨ ᠦᠢᠯᠡᠳᠬᠦ ᠶᠢ ᠴᠢᠨᠠᠷ ᠰᠠᠶᠢᠳᠠᠢ ᠬᠦᠭᠵᠢᠯᠳᠡ ᠶᠢᠨ ᠪᠤᠳᠠᠳᠤ ᠠᠵᠢᠯᠯᠠᠭ᠎ᠠ ᠲᠤᠮᠳᠠ ᠨᠠᠶᠢᠳᠠᠪᠤᠷᠢᠵᠢᠭᠤᠯᠤᠨ᠎ᠠ — ᠡᠸᠡᠩᠭᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠦᠢ ᠯᠢᠨ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2020/10/28
    ᠡᠸᠡᠩᠭᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠦᠢ ᠯᠢᠨ ᠲᠤᠰ ᠰᠤᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠦᠨ ᠬᠦᠨᠵᠡᠭᠡᠢ ᠲᠤᠳᠤᠷᠬᠠᠢᠢᠯᠠᠨ ᠦᠬᠦᠯᠡᠵᠤ ᠨᠠᠮ ᠤᠨ ᠠᠷᠠᠳ ᠲᠦᠮᠡᠨ ᠤ ᠲᠦᠯᠦᠭᠡ ᠵᠠᠰᠠᠭ ᠪᠠᠷᠢᠬᠤ ᠦᠷᠳᠡᠭ ᠤᠨ ᠬᠠᠨᠳᠤᠰᠢ ᠪᠤᠯᠤᠨ ᠬᠠᠷᠢᠭᠤᠴᠠᠯᠭ᠎ᠠ ᠡᠭᠦᠷᠭᠡᠯᠡᠯ ᠢ ᠬᠦᠢᠴᠡᠳ ᠬᠠᠷᠠᠭᠤᠯᠵᠠᠢ᠃ ᠡᠸᠡᠩᠭᠢ ᠬᠤᠰᠢᠭᠤ ᠶᠡᠷᠦᠩᠬᠡᠢ ᠱᠦᠵᠢ ᠰᠢ ᠶᠢᠨ ᠫᠢᠡᠭ ᠤᠨ ᠶᠠᠷᠢᠶᠠᠨ ᠤ ᠡᠯᠪᠡᠭ ᠪᠠᠶᠠᠯᠢᠭ ᠠᠭᠤᠯᠤᠭᠳᠠᠬᠤᠨ ᠂ ᠵᠤᠷᠢᠭ ᠰᠠᠨᠠᠭᠠᠨ ᠤ ᠮᠦᠨ ᠴᠢᠨᠠᠷ ᠪᠤᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠵᠤ᠂ ᠶᠡᠷᠦᠩᠬᠡᠢ ᠱᠦᠵᠢ ᠰᠢ ᠶᠢᠨ ᠫᠢᠡᠭ ᠤᠨ ᠠᠷᠠᠳ ᠲᠦᠮᠡᠨ ᠢ ᠬᠠᠶᠢᠷᠠᠯᠠᠬᠤ ᠰᠡᠳᠭᠢᠯᠭᠡ ᠶᠢ ᠤᠬᠠᠮᠰᠠᠷ ᠠᠴᠠ ᠪᠠᠨ ᠲᠠᠭᠠᠨ ᠰᠤᠷᠤᠯᠴᠠᠵᠤ ᠠᠷᠠᠳ ᠲᠦᠮᠡᠨ ᠢ ᠲᠡᠭᠡᠳᠦᠯᠡᠬᠦ᠂ ᠠᠷᠠᠳ ᠲᠦᠮᠡᠨ ᠳᠤ ᠨᠢᠭᠳᠠ ᠲᠦᠰᠢᠭᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ᠂ ᠠᠷᠠᠳ ᠲᠦᠮᠡᠨ ᠤ ᠲᠤᠮᠳᠠ ᠪᠠᠳᠤ ᠦᠨᠳᠦᠰᠦᠯᠡᠬᠦ ᠶᠢ ᠪᠠᠷᠢᠮᠳᠠᠯᠠᠨ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠤᠳᠠᠳᠤ ᠠᠵᠢᠯ ᠳᠠᠭᠠᠨ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠎ᠠ ᠭᠡᠵᠠᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠡᠭᠭᠤᠵᠢᠭᠤᠯᠤᠨ ᠰᠠᠶᠢᠳᠤᠷ ᠬᠢᠬᠦ ᠶᠠᠪᠤᠳᠠᠯ ᠢ ᠬᠠᠮᠤᠭ ᠤᠨ ᠲᠤᠯᠭᠠᠮ ᠤᠯᠤᠰ ᠲᠦᠷᠦ ᠶᠢᠨ ᠡᠭᠦᠷᠭᠡ ᠪᠤᠯᠭᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠡᠷᠡᠰ ᠰᠠᠶᠢᠳᠤᠷ ᠪᠠᠳᠤᠯᠠᠨ᠎ᠠ᠃ ᠡᠸᠡᠩᠭᠢ ᠬᠤᠰᠢᠭᠤ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ ᠬᠡᠴᠡᠭᠦᠳᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠨᠠᠷᠢᠯᠢᠭ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ ᠴᠢᠬᠤᠯᠠ ᠵᠠᠮ ᠪᠤᠭᠤᠮᠳᠠ ᠪᠤᠯᠤᠨ ᠨᠡᠶᠢᠭᠡᠮ ᠲᠤᠭᠤᠷᠢᠭ ᠭᠡᠷ ᠪᠦᠯᠢ ᠶᠢᠨ ᠰᠡᠷᠭᠡᠶᠢᠯᠡᠯᠳᠡ ᠶᠢ ᠴᠢᠩᠭᠠᠳᠬᠠᠨ᠂ ᠬᠢᠴᠢᠶᠡᠯ ᠡᠬᠢᠯᠡᠵᠤ ᠰᠤᠷᠤᠯᠭ᠎ᠠ ᠰᠡᠷᠭᠦᠭᠡᠬᠦ ᠠᠮᠤᠷ ᠲᠦᠪᠰᠢᠨ ᠢ ᠪᠠᠳᠤᠯᠠᠬᠤ ᠠᠵᠢᠯ ᠢ ᠴᠢᠩᠭᠠᠳᠬᠠᠨ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭ᠎ᠠ ᠲᠡᠯᠭᠡᠬᠦᠷ᠂ ᠤᠯᠠᠨ ᠨᠡᠶᠢᠳᠡ ᠶᠢᠨ ᠪᠠᠶᠢᠭᠤᠯᠤᠮᠵᠢ ᠪᠤᠯᠤᠨ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠡᠷᠭᠡ ᠶᠢᠨ ᠤᠨᠤᠴᠠᠳᠠᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠴᠢᠩᠭᠠᠳᠬᠠᠨ᠎ᠠ᠃ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠦᠢᠯᠡᠳᠪᠦᠷᠢᠯᠡᠯ ᠢ ᠰᠡᠷᠭᠦᠭᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠲᠤᠮᠳᠠ ᠪᠠᠭ᠎ᠠ ᠵᠢᠵᠢᠭ ᠠᠵᠤ ᠠᠬᠤᠢᠢᠯᠠᠯ ᠢ ᠲᠡᠳᠬᠦᠨ ᠲᠡᠮᠵᠢᠬᠦ ᠬᠦᠴᠦᠯᠡᠴᠡ ᠪᠠᠨ ᠨᠡᠮᠡᠭᠳᠡᠬᠦᠯᠦᠨ᠂ ᠠᠵᠢᠯ ᠤᠯᠭᠤᠯᠳᠠ ᠶᠢ ᠠᠬᠢᠭᠤᠯᠬᠤ ᠪᠠ ᠠᠮᠢᠳᠤᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠢ ᠦᠷᠭᠡᠳᠭᠡᠵᠤ᠂ ᠰᠠᠭᠤᠭᠠᠯᠢ ᠠᠷᠠᠳ ᠤᠨ ᠬᠡᠷᠡᠭᠯᠡᠭᠡ ᠶᠢ ᠲᠠᠶᠢᠴᠢᠯᠠᠨ ᠦᠷᠭᠡᠳᠭᠡᠨ᠎ᠡ᠃     ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠶᠠᠪᠤᠳᠠᠯ ᠢ ᠤᠳᠤᠬᠠᠨ ᠤ ᠲᠡᠷᠢᠬᠦᠨ ᠵᠡᠷᠭᠡ ᠶᠢᠨ ᠲᠤᠮᠤ ᠶᠠᠪᠤᠳᠠᠯ ᠪᠤᠯᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠵᠠᠮ ᠳᠤ ᠨᠢᠭᠡᠴᠦ ᠬᠦᠮᠦᠨ ᠢ ᠦᠯᠦ ᠬᠤᠴᠤᠷᠠᠭᠤᠯᠬᠤ ᠶᠢ ᠡᠷᠡᠰ ᠪᠡᠶᠡᠯᠡᠬᠦᠯᠦᠨ᠎ᠡ᠃ ᠡᠸᠡᠩᠭᠢ ᠬᠤᠰᠢᠭᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ 6 ᠰᠠᠷ᠎ᠠ ᠠᠴᠠ ᠡᠮᠦᠨ᠎ᠡ ᠲᠦᠪ ᠤᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ ︽ᠡᠷᠬᠢᠵᠤ ᠬᠠᠷᠠᠬᠤ︾᠂ ᠦᠷ᠎ᠡ ᠪᠦᠳᠦᠮᠵᠢ ᠶᠢ ᠬᠢᠨᠠᠨ ᠰᠢᠯᠭᠠᠷᠠᠭᠤᠯᠬᠤ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠬᠠᠢ ᠶᠢᠨ ᠭᠠᠵᠠᠷ ᠲᠤ ᠪᠠᠶᠢᠴᠠᠭᠠᠬᠤ ᠵᠡᠷᠭᠡ ᠡᠯ᠎ᠡ ᠱᠠᠳᠤᠨ ᠤ ᠡᠯ᠎ᠡ ᠲᠦᠷᠦᠯ ᠤᠨ ᠲᠤᠭᠤᠷᠢᠨ ᠪᠠᠶᠢᠴᠠᠭᠠᠯᠳᠠ ᠱᠠᠯᠠᠪᠳᠠᠭᠤᠯᠤᠨ ᠪᠠᠶᠢᠴᠠᠭᠠᠯᠳᠠ ᠳᠤ ᠲᠤᠰᠬᠠᠭᠰᠠᠨ ᠰᠠᠨᠠᠯ ᠢᠶᠠᠷ ᠠᠰᠠᠭᠤᠳᠠᠯ ᠢ ᠴᠡᠭᠴᠡᠯᠡᠨ ᠵᠠᠰᠠᠵᠤ ︽ᠲᠠᠭᠤᠰᠬᠠᠬᠤ︾ ᠬᠠᠷᠠᠯᠳᠠ ᠶᠢ ᠪᠡᠶᠡᠯᠡᠬᠦᠯᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠤᠷ ᠬᠢᠨ᠎ᠠ᠃ ︽ᠲᠦᠷᠪᠡ ᠶᠢ ᠬᠠᠶᠠᠬᠤ ᠦᠭᠡᠢ︾ ᠪᠠᠶᠢᠬᠤ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠦᠨ ᠲᠡᠭᠡᠭᠰᠢᠯᠡᠬᠦᠯᠵᠤ᠂ ᠶᠠᠳᠠᠭᠤ ᠬᠦᠴᠢᠷᠳᠡᠯ ᠢ ᠠᠷᠢᠯᠭᠠᠬᠤ ᠲᠤᠭᠳᠠᠴᠠ ᠶᠢ ᠰᠢᠯᠢᠳᠡᠭᠵᠢᠬᠦᠯᠦᠨ᠂ 67 ᠵᠦᠢᠯ ᠤᠨ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠬᠦᠯᠵᠤ᠂ ᠠᠵᠤ ᠦᠢᠯᠡᠰ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠡᠷᠡᠬᠦᠯ ᠴᠢᠬᠢᠷᠠᠭ᠂ ᠨᠡᠶᠢᠭᠡᠮ ᠤᠨ ᠪᠠᠳᠤᠯᠠᠭ᠎ᠠ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠠᠳᠬᠤᠵᠤ᠂ ᠶᠠᠳᠠᠭᠤ ᠶᠢ ᠲᠡᠳᠭᠦᠬᠦ ᠪᠡᠯᠡ ᠮᠦᠡᠭᠭᠦ ᠶᠢᠨ ᠠᠵᠢᠯ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠨ᠂ ᠶᠠᠳᠠᠭᠤ ᠶᠢ ᠲᠡᠳᠭᠦᠬᠦ ᠲᠦᠷᠦᠯ ᠵᠦᠢᠯ ᠤᠨ ᠬᠦᠮᠦᠷᠭᠡ ᠶᠢ ᠲᠡᠭᠦᠯᠳᠡᠷᠵᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠢᠭᠡᠳ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠳᠦᠮᠵᠢᠳᠡᠢ ᠵᠤᠯᠭᠠᠭᠤᠯᠬᠤ ᠶᠢ ᠲᠦᠯᠬᠢᠨ ᠠᠬᠢᠭᠤᠯᠵᠤ᠂ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠳᠤᠷ ᠬᠡᠷᠡᠭᠵᠢᠬᠦᠯᠵᠤ᠂ ᠡᠨᠡ ᠵᠢᠯ ᠤᠨ ᠵᠤᠷᠯᠤᠩ ᠤᠨ ᠬᠤᠪᠢᠰᠬᠠᠯ᠂ ᠮᠠᠯ ᠵᠢᠭᠦᠷᠳᠡᠨ ᠤ ᠢᠯᠠᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠬᠠᠷᠠᠯᠳᠠ ᠡᠭᠦᠷᠭᠡ ᠶᠢ ᠪᠠᠶᠡᠯᠡᠬᠦᠯᠤᠨ᠂ ᠪᠦᠬᠦ ᠤᠯᠤᠰ ᠪᠦᠬᠦ ᠤᠷᠤᠨ ᠪᠦᠬᠦ ᠬᠤᠳᠠ ᠲᠠᠢ ᠬᠠᠮᠳᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠯᠠᠪᠳᠠᠭᠤᠨ ᠪᠠᠳᠤ ᠰᠠᠭᠤᠷᠢ ᠲᠠᠯᠪᠢᠬᠤ ᠶᠢ ᠪᠠᠳᠤᠯᠠᠨ᠎ᠠ᠃     ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠤᠯᠠᠬᠤ ᠪᠠ ᠰᠠᠶᠢᠵᠢᠷᠠᠭᠤᠯᠬᠤ ᠶᠠᠪᠤᠳᠠᠯ ᠢᠶᠠᠷ ᠠᠯᠢᠪᠠ ᠠᠵᠢᠯ ᠤᠨ ᠡᠭᠦᠰᠦᠴᠡ ᠪᠠ ᠵᠤᠭᠰᠤᠴᠠ ᠪᠤᠯᠭᠠᠨ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠵᠤᠯ ᠵᠢᠷᠭᠠᠯᠳᠤ ᠲᠦᠷᠦᠭᠳᠡᠯ ᠠᠮᠤᠷ ᠲᠦᠪᠰᠢᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠦᠨ᠎ᠡ᠃ ᠡᠸᠡᠩᠭᠢ ᠬᠤᠰᠢᠭᠤ ᠠᠷᠠᠳ ᠤᠯᠠᠨ ᠤ ᠬᠠᠯᠠᠮᠵᠢᠯᠠᠵᠤ ᠪᠠᠶᠢᠬᠤ ᠠᠵᠢᠯ ᠤᠯᠭᠤᠯᠳᠠ᠂ ᠨᠡᠶᠢᠭᠡᠮ ᠤᠨ ᠪᠠᠳᠤᠯᠠᠭ᠎ᠠ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠠᠮᠤᠷ ᠲᠦᠪᠰᠢᠨ᠂ ᠵᠠᠬ᠎ᠠ ᠲᠡᠯᠭᠡᠬᠦᠷ ᠤᠨ ᠬᠠᠨᠭ᠍ᠭᠠᠯᠭ᠎ᠠ ᠶᠢ ᠪᠠᠳᠤᠯᠠᠬᠤ᠂ ᠪᠠᠷᠠᠭᠠᠨ ᠤ ᠦᠨ᠎ᠡ ᠶᠢ ᠲᠤᠭᠳᠠᠪᠤᠷᠢᠵᠢᠭᠤᠯᠬᠤ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠰᠢᠢᠳᠪᠦᠷᠢᠯᠡᠵᠤ᠂ ᠲᠦᠭᠡᠮᠡᠯ ᠬᠠᠷᠠᠭᠠᠯᠵᠠᠯᠳᠤ ᠴᠢᠨᠠᠷᠳᠠᠢ᠂ ᠰᠠᠭᠤᠷᠢ ᠴᠢᠨᠠᠷᠳᠠᠢ᠂ ᠦᠨᠳᠦᠰᠦᠨ ᠠᠴᠠ ᠨᠢ ᠪᠠᠳᠤᠯᠠᠬᠤ ᠴᠢᠨᠠᠷᠳᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨ ᠰᠡᠳᠬᠢᠯ ᠠᠴᠠ ᠪᠠᠨ ᠬᠦᠴᠦᠯᠡᠨ ᠰᠠᠶᠢᠳᠤᠷ ᠬᠢᠵᠤ᠂ ᠠᠷᠠᠳ ᠲᠦᠮᠡᠨ ᠤ ᠪᠤᠶᠠᠨ ᠵᠢᠷᠭᠠᠯ ᠢ ᠦᠨᠡᠨ ᠬᠦ ᠨᠡᠮᠡᠭᠳᠡᠬᠦᠯᠦᠨ᠎ᠡ᠃ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠶᠢ ᠳᠤᠪᠤᠶᠢᠮ᠎ᠠ ᠪᠠᠶᠢᠷᠢᠨ ᠳᠤ ᠳᠠᠯᠪᠢᠵᠤ᠂ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠬᠥᠴᠢᠷᠳᠡᠯ ᠲᠠᠢ ᠬᠥᠮᠤᠰ ᠵᠡᠷᠭᠡ ᠭᠤᠤᠯᠳᠠᠯᠭ᠎ᠠ ᠲᠠᠢ ᠬᠥᠮᠤᠰ ᠲᠤ ᠠᠵᠢᠯ ᠤᠯᠭᠤᠬᠤ ᠤᠢᠢᠯᠡᠴᠢᠯᠡᠭᠡ ᠶᠢ ᠰᠠᠶᠢᠳᠤᠷ ᠬᠢᠨ᠎ᠡ᠃ ᠡᠯ᠎ᠡ ᠲᠥᠷᠤᠯ ᠤᠨ ᠰᠤᠷᠭᠠᠨ ᠬᠥᠮᠤᠵᠢᠯ ᠢ ᠲᠡᠩᠴᠡᠭᠦᠷᠢ ᠲᠠᠢ ᠬᠥᠭᠵᠢᠭᠦᠯᠬᠦ ᠶᠢ ᠲᠥᠯᠬᠢᠨ ᠠᠬᠢᠭᠤᠯᠵᠤ᠂ ᠰᠤᠷᠭᠠᠭᠤᠯᠢ ᠠᠴᠠ ᠪᠠᠨ ᠲᠤᠷᠭᠤᠨ ᠵᠤᠭᠰᠤᠬᠤ ᠶᠢ ᠴᠢᠩᠭ᠎ᠠ ᠬᠤᠷᠢᠭᠯᠠᠨ᠎ᠠ ᠃ ᠡᠷᠡᠭᠦᠯ ᠡᠩᠬᠡ ᠡᠧᠡᠩᠭᠢ ᠬᠤᠰᠢᠭᠤ ᠶᠢ ᠪᠠᠶᠢᠭᠤᠯᠬᠤ ᠠᠵᠢᠯᠯᠠᠭ᠎ᠠ ᠶᠢ ᠭᠥᠨᠵᠡᠭᠡᠢ ᠶᠠᠪᠤᠭᠳᠠᠭᠤᠯᠵᠤ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠤᠯᠤᠨ ᠬᠥᠨᠳᠤ ᠶᠡᠭᠡ ᠡᠪᠡᠳᠴᠢᠨ ᠡᠮᠬᠡᠭ ᠢ ᠰᠡᠷᠬᠡᠶᠢᠯᠡᠨ ᠵᠠᠰᠠᠬᠤ ᠶᠢ ᠴᠢᠩᠭᠠᠳᠬᠠᠵᠤ᠂ ᠬᠥᠨᠳᠤ ᠶᠡᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠪᠤᠷᠠᠨ ᠵᠠᠰᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠥᠨᠵᠡᠭᠡᠢ ᠥᠷᠨᠢᠭᠦᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠪᠥᠬᠦ ᠬᠥᠴᠤᠨ ᠢᠶᠠᠷ ᠡᠭᠦᠳᠤᠨ ᠪᠠᠶᠢᠭᠤᠯᠤᠨ᠎ᠠ᠃ ᠬᠠᠷ᠎ᠠ ᠪᠥᠯᠦᠭᠳᠡᠨ ᠬᠠᠷᠬᠢᠰ ᠬᠥᠴᠤᠨ ᠢ ᠠᠷᠢᠯᠭᠠᠬᠤ ᠲᠤᠰᠬᠠᠢ ᠲᠡᠮᠡᠴᠡᠯ ᠢ ᠭᠥᠨᠵᠡᠭᠡᠢ ᠲᠥᠯᠬᠢᠨ ᠠᠬᠢᠭᠤᠯᠵᠤ᠂ ᠵᠥᠷᠢᠴᠡᠯ ᠮᠠᠷᠭᠤᠭᠠᠨ ᠪᠤᠯᠤᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠮᠳᠠᠭᠤᠯᠬᠤ ᠬᠥᠴᠤᠯᠡᠴᠡ ᠶᠢ ᠨᠡᠮᠡᠭᠳᠡᠭᠦᠯᠵᠤ᠂ ᠡᠬᠡ ᠤᠯᠤᠰ ᠤᠨ ᠤᠮᠠᠷᠠᠳᠤ ᠶᠢᠨ ᠠᠮᠤᠷ ᠲᠤᠭᠳᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠤᠨ᠎ᠡ᠃     ᠴᠢᠨᠠᠷ ᠰᠠᠶᠢᠳᠠᠢ ᠬᠥᠭᠵᠢᠯᠲᠡ ᠶᠢ ᠡᠷᠡᠰ ᠭᠤᠶᠢᠪᠢᠰᠢ ᠥᠭᠡᠢ ᠲᠥᠯᠬᠢᠨ ᠠᠬᠢᠭᠤᠯᠬᠤ ᠪᠠᠷ ᠥᠨᠳᠤᠰᠤᠨ ᠱᠠᠭᠠᠷᠳᠠᠯᠭ᠎ᠠ ᠪᠤᠯᠭᠠᠵᠤ᠂ ᠠᠷᠠᠳ ᠤᠯᠠᠨ ᠳᠤ ᠨᠡᠩ ᠤᠯᠠᠨ ᠬᠥᠭᠵᠢᠯᠲᠡ ᠶᠢᠨ ᠥᠷ᠎ᠡ ᠪᠥᠳᠤᠭᠡᠯ ᠢ ᠡᠳ᠋ᠯᠡᠭᠦᠯᠬᠦ ᠶᠢ ᠪᠠᠳᠤᠯᠠᠨ᠎ᠠ᠃ ᠡᠧᠡᠩᠭᠢ ᠬᠤᠰᠢᠭᠤ ᠠᠵᠤ ᠤᠢᠢᠯᠡᠰ ᠤᠨ ᠠᠮᠢ ᠠᠬᠤᠢᠢᠵᠢᠯᠳᠠ ᠪᠠᠷ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠲᠥᠯᠬᠢᠨ ᠠᠬᠢᠭᠤᠯᠵᠤ᠂ ᠬᠥᠭᠵᠢᠯᠲᠡ ᠶᠢ ᠬᠠᠷᠰᠢᠯᠠᠬᠤ ᠵᠦᠢᠯ ᠪᠤᠯᠤᠨ ᠵᠥᠷᠢᠴᠡᠯ ᠢ ᠥᠨᠡᠨ ᠬᠦ ᠰᠢᠢᠳᠪᠤᠷᠢᠯᠡᠨ᠎ᠡ᠃ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ ᠲᠥᠯᠬᠢᠨ ᠠᠬᠢᠭᠤᠯᠵᠤ᠂ ︽ᠰᠥ᠋᠂ ᠮᠢᠬ᠎ᠠ᠂ ᠡᠪᠡᠰᠤ᠂ ᠠᠳᠤᠭᠤ︾ ᠶᠢᠨ ᠤᠢᠢᠯᠡᠰ ᠢ ᠰᠡᠷᠭᠦᠭᠡᠨ ᠬᠥᠭᠵᠢᠭᠦᠯᠬᠦ ᠶᠢ ᠨᠢᠭᠡᠳᠤᠯᠲᠡᠢ ᠲᠥᠯᠤᠪᠵᠢᠭᠦᠯᠤᠨ᠎ᠡ᠃ ᠤᠯᠠᠮᠵᠢᠯᠠᠯᠳᠤ ᠠᠵᠤ ᠤᠢᠢᠯᠡᠳᠪᠤᠷᠢ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠶᠢ ᠲᠥᠷᠭᠡᠳᠭᠡᠵᠤ᠂ ᠨᠡᠭᠦᠷᠡᠰᠤ ᠴᠠᠬᠢᠯᠭᠠᠨ ᠤ ᠠᠵᠤ ᠠᠬᠤᠢᠢᠯᠠᠯ ᠤᠨ ᠴᠢᠨᠠᠷ ᠢ ᠳᠡᠭᠡᠭᠰᠢᠯᠡᠭᠦᠯᠵᠤ ᠥᠷ᠎ᠡ ᠠᠰᠢᠭ ᠢ ᠨᠡᠮᠡᠭᠳᠡᠭᠦᠯᠬᠦ᠂ ᠪᠤᠬᠢᠷᠳᠤᠯ ᠥᠭᠡᠢ ᠪᠠᠷ ᠬᠡᠯᠪᠡᠷᠢ ᠶᠢ ᠬᠤᠪᠢᠷᠠᠭᠤᠯᠬᠤ ᠪᠠᠷ ᠳᠡᠮᠵᠢᠵᠤ᠂ ᠮᠠᠯ ᠠᠵᠤ ᠠᠬᠤᠢ ᠶᠢᠨ ᠮᠠᠰᠢᠨ ᠮᠧᠬᠠᠨᠢᠭ ᠲᠤᠨᠤᠭ ᠲᠥᠬᠦᠭᠡᠷᠤᠮᠵᠢ ᠤᠢᠢᠯᠡᠳᠬᠦ ᠠᠵᠤ ᠠᠬᠤᠢᠢᠯᠠᠯ ᠤᠨ ᠤᠶᠤᠨᠴᠢᠯᠠᠭᠰᠠᠨ ᠳᠡᠰ ᠳᠡᠪᠰᠢᠬᠦ ᠥᠭᠡᠷᠡᠴᠢᠯᠡᠯᠳᠡ ᠶᠢ ᠠᠬᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠡᠢ ᠰᠢᠨ᠎ᠡ ᠪᠠᠷ ᠬᠥᠭᠵᠢᠭᠰᠡᠨ ᠠᠵᠤ ᠠᠦ᠋ᠢᠯᠡᠰ ᠢ ᠤᠯᠠᠨ ᠡᠰᠢᠴᠢᠯᠡᠨ ᠬᠥᠭᠵᠢᠭᠦᠯᠵᠤ᠂ ᠮᠠᠰᠢᠨ ᠲᠡᠷᠭᠡᠨ ᠤ ᠠᠵᠤ ᠤᠢᠢᠯᠡᠰ ᠤᠨ ᠬᠥᠷᠢᠶᠡᠯᠡᠩ᠂ ᠠᠳᠤᠭᠤᠨ ᠤ ᠤᠢᠢᠯᠡᠰ ᠤᠨ ᠬᠥᠷᠢᠶᠡᠯᠡᠩ᠂ ᠥᠨᠳᠤᠰᠤᠲᠡᠨ ᠤ ᠰᠤᠶᠤᠯ ᠤᠨ ᠠᠵᠤ ᠤᠢᠢᠯᠡᠰ ᠤᠨ ᠬᠥᠷᠢᠶᠡᠯᠡᠩ ᠤᠨ ᠪᠥᠳᠤᠭᠡᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠤ᠂ ᠠ ᠯᠢ ᠪᠠ ᠪᠠ ᠡᠧᠡᠩᠭᠢ ᠬᠤᠰᠢᠭᠤᠨ ᠤ ᠠᠵᠤ ᠤᠢᠢᠯᠡᠰ ᠤᠨ ᠪᠥᠰᠡ ᠶᠢᠨ ᠡᠯᠧᠺᠳ᠋ᠷᠤᠨ ᠬᠤᠳᠠᠯᠳᠤᠭᠠᠨ ᠤ ᠠᠵᠢᠯ ᠶᠠᠪᠤᠭᠤᠯᠬᠤ ᠲᠥᠪ ᠤᠨ ᠪᠥᠳᠤᠭᠡᠨ ᠪᠠᠶᠢᠭᠤᠯᠤᠯᠳᠠ ᠶᠢ ᠲᠥᠷᠭᠡᠳᠭᠡᠵᠤ᠂ ᠸᠠᠨ ᠳ᠋ᠠ ᠠᠭᠤᠳᠠᠮ ᠲᠠᠯᠠᠪᠠᠢ ᠶᠢᠨ ᠬᠤᠳᠠᠯᠳᠤᠭᠠᠨ ᠤ ᠶᠡᠷᠤᠩᠬᠡᠶᠢᠯᠡᠭᠰᠡᠨ ᠴᠤᠭᠴᠠ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ᠂ ᠮᠠᠰᠢᠨ ᠲᠡᠷᠭᠡᠨ ᠤ ᠬᠠᠮᠢᠶᠠᠷᠤᠯᠳᠠ ᠶᠢᠨ ᠭᠠᠵᠠᠷ ᠵᠡᠷᠭᠡ ᠲᠥᠷᠤᠯ ᠵᠦᠢᠯ ᠤᠨ ᠪᠥᠳᠤᠭᠡᠨ ᠪᠠᠶᠢᠭᠤᠯᠤᠯᠳᠠ ᠶᠢ ᠪᠥᠬᠦ ᠬᠥᠴᠤᠨ ᠢᠶᠠᠷ ᠲᠥᠯᠬᠢᠨ ᠠᠬᠢᠭᠤᠯᠵᠤ᠂ ᠨᠤᠨᠳᠠᠭ ᠨᠡᠭᠦᠷᠡᠰᠤᠨ ᠥᠨᠡᠰᠤᠨ ᠤ ᠬᠥᠷᠤᠰᠤ ᠰᠢᠷᠤᠢ ᠶᠢᠨ ᠤᠰᠤ ᠶᠢ ᠬᠠᠮᠠᠭᠠᠯᠠᠬᠤ ᠵᠤᠬᠢᠴᠠᠭᠤᠯᠬᠤ ᠡᠳ᠋᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠤᠩᠬᠡᠶᠢᠯᠡᠭᠰᠡᠨ ᠪᠤᠯᠪᠠᠰᠤᠷᠠᠭᠤᠯᠤᠯᠳᠠ᠂ ᠬᠤᠨᠢᠨ ᠠᠷᠠᠰᠤᠨ ᠤ ᠴᠠᠪᠠᠤᠯᠢᠭ ᠤᠭᠤᠷᠠᠭ ᠲᠢᠲ᠋ᠠᠨ ᠵᠡᠷᠭᠡ ᠲᠥᠷᠤᠯ ᠵᠦᠢᠯ ᠠᠰᠢᠭᠯᠠᠯᠳᠠ ᠳᠤ ᠤᠷᠤᠵᠤ ᠥᠷ᠎ᠡ ᠠᠰᠢᠭ ᠡᠭᠦᠳᠬᠦ ᠶᠢ ᠲᠥᠯᠬᠢᠨ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠲᠠᠰᠤᠷᠠᠯᠳᠠ ᠥᠭᠡᠢ ᠪᠤᠶᠢᠵᠢᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃     ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠷ ᠠᠷᠠᠳ ᠲᠤ ᠪᠤᠶᠠᠨ ᠤᠢᠢᠯᠡᠳᠬᠦ ᠵᠠᠭᠤᠨ ᠵᠢᠯ ᠤᠨ ᠠᠤᠭ᠎ᠠ ᠪᠤᠳᠤᠯᠭ᠎ᠠ ᠪᠤᠯᠭᠠᠨ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠥᠪᠰᠢᠨ ᠤ ᠬᠠᠯᠬᠠᠪᠴᠢ ᠶᠢ ᠡᠷᠡᠰ ᠪᠠᠬᠢᠵᠢᠭᠦᠯᠤᠨ᠎ᠡ᠃ ᠡᠧᠡᠩᠭᠢ ᠬᠤᠰᠢᠭᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠥᠷᠢᠳᠤ ᠲᠠᠯ᠎ᠠ ᠨᠤᠳᠤᠭ ᠤᠨ ᠵᠠᠰᠠᠯᠳᠠ ᠶᠢ ᠨᠢᠭᠡᠳᠤᠯᠲᠡᠢ ᠲᠥᠯᠤᠪᠵᠢᠭᠦᠯᠤᠨ ᠠᠬᠢᠭᠤᠯᠵᠤ᠂ ᠪᠡᠯᠴᠢᠭᠡᠷᠯᠡᠬᠦᠯᠬᠦ ᠶᠢ ᠴᠠᠭᠠᠵᠠᠯᠠᠬᠤ ᠪᠡᠯᠴᠢᠭᠡᠷ ᠢ ᠠᠮᠠᠷᠠᠭᠤᠯᠬᠤ ᠡᠭᠡᠯᠵᠢᠯᠡᠨ ᠮᠠᠯᠵᠢᠬᠤ᠂ ᠠᠮᠢ ᠠᠬᠤᠢ ᠶᠢᠨ ᠨᠥᠬᠦᠪᠤᠷᠢ ᠪᠠ ᠱᠠᠩᠨᠠᠯ᠂ ᠲᠠᠷᠢᠶᠠᠨ ᠭᠠᠵᠠᠷ ᠢ ᠠᠳᠠᠷᠰᠢᠭᠤᠯᠬᠤ᠂ ᠭᠤᠷᠪᠠᠨ ᠤᠮᠠᠷᠠᠳᠤ ᠶᠢᠨ ᠬᠠᠯᠬᠠᠪᠴᠢ ᠤᠢ ᠵᠡᠷᠭᠡ ᠴᠢᠬᠤᠯᠠ ᠶᠡᠭᠡ ᠠᠮᠢ ᠠᠬᠤᠢ ᠶᠢ ᠵᠠᠰᠠᠵᠤ ᠰᠡᠷᠭᠦᠭᠡᠬᠦ ᠢᠨᠵᠧᠨᠧᠷᠢᠩ ᠢ ᠰᠠᠶᠢᠳᠤᠷ ᠶᠠᠪᠤᠭᠳᠠᠭᠤᠯᠵᠤ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ︽ᠡᠷᠭᠢᠵᠤ ᠬᠠᠷᠠᠭᠰᠠᠨ︾ ᠵᠢᠴᠢ ᠲᠠᠯ᠎ᠠ ᠨᠤᠳᠤᠭ ᠤᠨ ᠲᠤᠰᠬᠠᠢ ᠲᠥᠷᠤᠯ ᠤᠨ ᠱᠠᠯᠠᠪᠳᠠᠭᠤᠯᠤᠨ ᠪᠠᠶᠢᠴᠠᠭᠠᠯᠳᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠡᠭᠦᠷᠭᠡ ᠶᠢ ᠴᠢᠨᠠᠷ ᠰᠠᠶᠢᠳᠠᠢ ᠪᠡᠶᠡᠯᠡᠭᠦᠯᠤᠨ᠎ᠡ᠃ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠶᠠᠪᠤᠭᠳᠠᠭᠤᠯᠵᠤ᠂ ᠬᠤᠳᠠ ᠪᠠᠯᠭᠠᠰᠤᠨ ᠤ 10 ᠠᠭᠤᠷ ᠲᠤᠨ ᠠᠴᠠ ᠳᠤᠷᠤᠭᠰᠢᠬᠢ ᠭᠥᠧᠧᠯᠥ ᠶᠢ ᠪᠥᠬᠦᠨ ᠢ ᠨᠤᠷᠠᠭᠠᠨ᠎ᠠ᠃ ᠬᠥᠯᠤᠨ ᠨᠠᠭᠤᠷ ᠤᠨ ᠠᠮᠢ ᠠᠬᠤᠢ ᠶᠢ ᠵᠠᠰᠠᠬᠤ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠤ ᠳ᠋ᠠ ᠶᠠᠨ ᠤ ᠪᠤᠬᠢᠷ ᠤᠰᠤ ᠰᠢᠢᠳᠪᠤᠷᠢᠯᠡᠬᠦ ᠤᠢᠢᠯᠡᠳᠪᠤᠷᠢ ᠶᠢᠨ ᠪᠥᠳᠤᠭᠡᠨ ᠪᠠᠶᠢᠭᠤᠯᠤᠯᠳᠠ᠂ ᠢᠰᠤᠯᠳᠤᠭᠦᠯᠬᠦ ᠴᠥᠬᠦᠷᠤᠮ ᠤᠨ ᠵᠠᠰᠠᠯᠳᠠ ᠶᠢ ᠲᠥᠷᠭᠡᠳᠭᠡᠵᠤ᠂ ᠳᠤᠮᠳᠠ ᠤᠰᠤ ᠶᠢ ᠡᠬᠡᠭᠦᠯᠤᠨ ᠬᠡᠷᠡᠭᠯᠡᠬᠦ ᠪᠥᠳᠤᠭᠡᠨ ᠪᠠᠶᠢᠭᠤᠯᠤᠯᠳᠠ ᠶᠢ ᠲᠥᠷᠭᠡᠳᠭᠡᠨ᠎ᠡ᠃ ᠲᠡᠤᠬᠡᠨ ᠠᠴᠠ ᠥᠯᠡᠳᠡᠵᠤ ᠢᠷᠡᠭᠰᠡᠨ ᠡᠵᠡᠨ ᠥᠭᠡᠢ ᠠᠭᠤᠷᠬᠠᠢ ᠶᠢᠨ ᠨᠥᠬᠡ ᠶᠢ ᠵᠠᠰᠠᠬᠤ ᠠᠵᠢᠯ ᠢ ᠲᠥᠷᠭᠡᠳᠭᠡᠵᠤ᠂ ᠪᠤᠬᠢᠷᠳᠤᠯ ᠥᠭᠡᠢ ᠠᠭᠤᠷᠬᠠᠢ ᠶᠢᠨ ᠪᠥᠳᠤᠭᠡᠨ ᠪᠠᠶᠢᠭᠤᠯᠤᠯᠳᠠ ᠶᠢ ᠲᠥᠷᠭᠡᠳᠭᠡᠨ᠎ᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠪᠠᠷᠢᠮᠳᠠᠯᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠥᠷᠢᠮ ᠪᠤᠯᠤᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠠᠰᠤᠷᠠᠯᠳᠠ ᠥᠭᠡᠢ ᠲᠡᠭᠦᠯᠳᠡᠷᠵᠢᠭᠦᠯᠵᠤ᠂ ᠠᠮᠢ ᠠᠬᠤᠢ ᠤᠷᠴᠢᠨ ᠲᠤᠭᠤᠷᠢᠨ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠤᠷᠢᠯᠡᠵᠤ᠂ ᠪᠤᠬᠢᠷᠳᠤᠯ ᠥᠭᠡᠢ ᠤᠢᠢᠯᠡᠳᠪᠤᠷᠢᠯᠡᠯ ᠠᠮᠢᠳᠤᠷᠠᠯ ᠤᠨ ᠬᠡᠯᠪᠡᠷᠢ ᠶᠢ ᠤᠢᠢᠯᠡᠳᠤᠯᠭᠡᠵᠢᠭᠦᠯᠵᠤ᠂ ᠡᠧᠡᠩᠭᠢ ᠬᠤᠰᠢᠭᠤᠨ ᠤ ᠤᠭᠳᠠᠷᠭᠤᠢ ᠶᠢ ᠨᠡᠩ ᠬᠥᠬᠡ᠂ ᠲᠠᠯ᠎ᠠ ᠨᠤᠳᠤᠭ ᠢ ᠨᠡᠩ ᠨᠤᠭᠤᠭᠠᠨ᠂ ᠤᠰᠤ ᠶᠢ ᠨᠡᠩ ᠲᠤᠩᠭᠠᠯᠠᠭ᠂ ᠤᠷᠴᠢᠨ ᠲᠤᠭᠤᠷᠢᠨ ᠢ ᠨᠡᠩ ᠭᠤᠶᠤ ᠰᠠᠶᠢᠬᠠᠨ ᠪᠤᠯᠭᠠᠨ᠎ᠠ᠃                                     ᠵᠤᠬᠢᠶᠠᠭᠴᠢ᠄ ᠼᠠᠢ ᠬᠤᠩ
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号