2016 ᠤᠨ ᠤ ︽ᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ | ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ︾ ᠬᠦᠷᠳᠡᠭᠰᠡᠨ ᠮᠣᠩᠭᠤᠯ ᠦᠨᠳᠦᠰᠦᠲᠡᠨ ᠤ | ᠠᠯᠳᠠᠷᠲᠤ ᠰᠢᠨᠵᠢᠯᠡᠬᠦ ᠤᠬᠠᠭᠠᠨᠲᠠᠨ ᠴᠢᠯᠠᠭᠤ ᠪᠤᠯ ᠪᠡᠭᠡᠵᠢᠩ ᠶᠡᠭᠡ ᠰᠣᠷᠭᠠᠭᠤᠯᠢ ᠶᠢᠨ ᠫᠷᠣᠹᠧᠰᠰᠣᠷ᠂ | ᠳ᠋ᠣᠺᠲ᠋ᠤᠷᠠᠨᠲ ᠤᠨ ᠵᠢᠯᠣᠭᠤᠳᠣᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠨᠦᠬᠦᠪᠦᠷᠢ ᠶᠢ ᠬᠦᠷᠲᠡᠭᠰᠡᠨ | ᠲᠤᠰᠬᠠᠢ ᠮᠡᠷᠭᠡᠵᠢᠯᠲᠡᠨ᠂ ᠮᠠᠲ᠋ᠧᠷᠢᠶᠠᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠺᠣᠪᠠᠯᠲ | ᠬᠦᠴᠢᠯ ᠤᠨ ᠯᠢᠲ᠋ᠢ᠂ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ | ᠰᠠᠭᠤᠷᠢᠯᠠᠭᠴᠢ ᠮᠦᠨ᠃ | ᠠᠯᠤᠰ ᠲᠠᠯᠠᠢ ᠳᠤ ᠬᠦᠷᠴᠦ ᠤᠶᠤᠨ ᠤᠬᠠᠭᠠᠨ ᠢᠶᠠᠨ ᠴᠡᠨᠡᠭᠯᠡᠭᠰᠡᠨ ᠨᠢ | ᠲᠡᠷᠡ 1957 ᠤᠨ ᠤ 10 ᠰᠠᠷ᠎ᠠ ᠳᠤ ᠦᠪᠦᠷ ᠮᠤᠩᠭᠤᠯ ᠣᠷᠳᠣᠰ ᠬᠤᠲᠠ ᠶᠢᠨ ᠦᠦᠰᠢᠨ ᠬᠤᠰᠢᠭᠤᠨ ᠳᠤ | ᠲᠦᠷᠦᠵᠡᠢ᠃ 1977 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ | ᠰᠢᠯᠭᠠᠭᠤᠯᠤᠨ ᠤᠷᠤᠵᠤ᠂ 1982 ᠤᠨ ᠠᠴᠠ 1986 ᠤᠨ ᠪᠤᠯᠲᠠᠯ᠎ᠠ ᠦᠪᠦᠷ ᠮᠤᠩᠭᠤᠯ ᠤᠨ ᠶᠡᠭᠡ | ᠰᠣᠷᠭᠠᠭᠤᠯᠢ ᠶᠢᠨ ᠬᠢᠮᠢ ᠶᠢᠨ ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷ ᠬᠤᠪᠤᠷ ᠰᠢᠷᠣᠢ ᠶᠢᠨ ᠡᠯᠧᠮᠧᠨ᠋ᠲ ᠢ ᠵᠠᠳᠠᠯᠬᠤ | ᠬᠢᠮᠢ ᠶᠢᠨ ᠰᠣᠳᠣᠯᠭᠠᠨ ᠤ ᠠᠵᠢᠯ ᠳᠤ ᠤᠷᠣᠯᠴᠠᠵᠠᠢ᠃ | 1988 ᠤᠨ ᠳᠤ ᠲᠡᠭᠦᠨ ᠤ ᠬᠤᠪᠤᠷ ᠰᠢᠷᠤᠢ ᠵᠠᠷᠭᠡ ᠬᠢᠮᠢ ᠶᠢᠨ ᠡᠯᠧᠮᠧᠨ᠋ᠲ ᠤᠨ ᠬᠦᠷᠢᠶᠡᠨ ᠳᠤ ᠬᠢ | ᠰᠤᠳᠤᠯᠭᠠᠨ ᠤ ᠦᠷ᠎ᠡ ᠪᠦᠳᠦᠮᠵᠢ ᠨᠢ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠵᠦ᠂ ᠠᠯᠪᠠᠨ ᠤ ᠲᠤᠮᠢᠯᠠᠯᠳᠠ ᠪᠠᠷ | ᠶᠠᠫᠤᠨ ᠳᠤ ᠰᠤᠷᠤᠯᠴᠠᠵᠤ᠂ 1992 ᠤᠨ ᠤ ᠬᠠᠪᠣᠷ ᠲᠤᠺᠢᠣ᠋ ᠶᠡᠭᠡ ᠰᠣᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠵᠠᠢ᠃ 1992 ᠤᠨ ᠠᠴᠠ 2000 ᠤᠨ ᠪᠣᠯᠲᠠᠯ᠎ᠠ ᠶᠠᠫᠤᠨ ᠤ | ᠤᠯᠤᠰ ᠤᠨ ᠶᠡᠭᠡ ᠰᠣᠷᠭᠠᠭᠤᠯᠢ ᠪᠤᠯᠤᠨ ᠠᠵᠤ ᠠᠬᠤᠶᠢᠯᠠᠯ ᠳᠤ ᠰᠣᠳᠣᠯᠭᠠᠨ ᠤ ᠠᠵᠢᠯ ᠬᠢᠵᠦ᠂ 2000 ᠤᠨ ᠤ 8 | ᠰᠠᠷ᠎ᠠ ᠳᠤ ᠪᠡᠭᠡᠵᠢᠩ ᠶᠡᠭᠡ ᠰᠣᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ ᠣᠳᠣ ᠳᠤ ᠬᠦᠷᠴᠡᠢ | ᠃ ᠶᠠᠫᠤᠨ ᠳᠤ ᠰᠤᠷᠤᠯᠴᠠᠨ ᠠᠮᠢᠳᠤᠷᠠᠵᠤ ᠪᠠᠶᠢᠬᠰᠠᠨ ᠡᠨᠡᠬᠦ 13 ᠵᠢᠯ ᠨᠢ ᠴᠢᠯᠠᠭᠤ ᠶᠢᠨ ᠰᠡᠭᠦᠯᠴᠢ ᠶᠢᠨ | ᠰᠤᠳᠤᠯᠭᠠᠨ ᠤ ᠴᠢᠭᠯᠡᠯ ᠪᠡ ᠲᠤᠰᠬᠠᠢ ᠮᠡᠷᠭᠡᠵᠢᠯ ᠤᠨ ᠰᠠᠭᠤᠷᠢ ᠶᠢ ᠲᠠᠯᠪᠢᠬᠰᠠᠨ ᠵᠠᠩᠬᠢᠯᠠᠭ᠎ᠠ ᠶᠢᠨ ᠴᠠᠭ ᠦᠶ ᠡ | ᠪᠤᠯᠤᠬᠰᠡᠨ ᠪᠢᠯᠡ᠃ | 1992 ᠤᠨ ᠳᠤ ᠶᠠᠫᠤᠨ ᠤ ᠰᠦᠸᠧᠨᠢ ᠺᠤᠮᠫᠠᠨᠢ ᠠᠴᠠ ᠯᠢᠲ᠋ᠢ ᠢᠶᠦᠨ ᠤ ᠴᠠᠭᠢᠯᠭᠠᠨ ᠵᠠᠢ ᠶᠢ ᠦᠢᠯᠡᠳᠪᠦᠷᠢᠯᠡᠨ | ᠲᠠᠸᠠᠷᠵᠢᠭᠤᠯᠤᠬᠰᠠᠨ ᠪᠢᠯᠡ᠃ ᠡᠨᠡᠬᠦ ᠡᠨᠧᠷᠬᠢ ᠬᠠᠳᠠᠭᠠᠯᠠᠬᠤ ᠰᠢᠰᠲ᠋ᠧᠮ ᠤᠨ ᠦᠭᠡᠷᠡᠴᠢᠯᠡᠯᠳᠡ ᠪᠠ ᠰᠢᠨ᠎ᠡ | ᠡᠬᠦᠳᠦᠯᠳᠡ ᠨᠢ ᠲᠤᠬᠠᠢ ᠶᠢᠨ ᠦᠶ᠎ᠡ ᠶᠢᠨ ᠭᠠᠷ ᠤᠳᠠᠰᠤ ᠵᠢᠴᠢ ᠪᠤᠰᠤᠳ ᠲᠡᠭᠡᠳᠦ ᠰᠢᠨᠵᠢᠯᠡᠭᠦ ᠤᠬᠠᠭᠠᠨ | ᠮᠡᠷᠭᠡᠵᠢᠯ ᠤᠨ ᠪᠦᠳᠦᠭᠡᠭᠳᠡᠭᠦᠨ ᠤ ᠲᠦᠳᠡᠴᠢᠯᠡᠬᠦ ᠬᠠᠨᠳᠤᠰᠢ ᠶᠢ ᠠᠪᠴᠢᠷᠠᠬᠰᠠᠨ ᠪᠠᠶᠢᠨ᠎ᠠ᠃ ᠴᠢᠯᠠᠭᠤ ᠶᠢᠨ ᠰᠢᠨ᠎ᠡ | ᠮᠠᠲ᠋ᠧᠷᠢᠶᠠᠯ ᠤᠨ ᠲᠠᠯ ᠠ ᠪᠠᠷ ᠬᠢ ᠰᠤᠳᠤᠯᠤᠯ ᠤᠨ ᠲᠦᠪᠰᠢᠨ ᠪᠡ ᠡᠭᠦᠳᠦᠯᠳᠡ ᠶᠢᠨ ᠴᠢᠳᠠᠪᠤᠷᠢ ᠨᠢ ᠶᠠᠫᠤᠨ ᠤ ᠤᠯᠠᠨ | ᠺᠤᠮᠫᠠᠨᠢ ᠪᠡ ᠲᠡᠭᠡᠳᠦ ᠰᠤᠷᠭᠠᠭᠤᠯᠢ ᠳᠤ ᠮᠡᠳᠡᠷᠡᠭᠳᠡᠵᠦ᠂ ᠦᠨᠳᠦᠷ ᠴᠠᠯᠢᠩ ᠤᠬᠢ ᠰᠠᠶᠢᠨ ᠨᠦᠭᠦᠴᠡᠯ ᠢᠶᠠᠷ ᠲᠡᠬᠦᠨ ᠢ | ᠦᠯᠡᠳᠡᠭᠡᠬᠦ ᠪᠠᠷ ᠲᠠᠳᠠᠬᠰᠠᠨ ᠪᠠᠶᠢᠨ᠎ᠠ᠃ ᠭᠡᠪᠡᠴᠦ ᠲᠡᠷᠡ ᠡᠬᠡ ᠤᠯᠤᠰ ᠲᠤ ᠪᠠᠨ ᠬᠠᠷᠢᠵᠤ᠂ ᠡᠬᠡ ᠤᠯᠤᠰ ᠤᠨ | ᠪᠦᠳᠦᠭᠡᠨ ᠪᠠᠶᠢᠭᠤᠯᠤᠯᠳᠠ ᠳᠤ ᠬᠦᠴᠦ ᠪᠠᠨ ᠡᠷᠭᠦᠬᠦ ᠭᠡᠰᠡᠨ ᠵᠤᠷᠢᠯᠳᠠ ᠪᠠᠨ ᠭᠤᠶᠢᠪᠢᠰᠢ ᠦᠭᠡᠢ ᠪᠠᠷᠢᠮᠳᠠᠯᠠᠵᠤ | ᠪᠠᠶᠢᠪᠠ᠃ | ᠤᠯᠤᠰ ᠲᠤ ᠪᠠᠨ ᠬᠠᠷᠢᠵᠤ ᠢᠷᠡᠬᠦ ᠠᠴᠠ ᠡᠮᠦᠨ᠎ᠡ ᠲᠡᠷᠡ ᠪᠠᠭ᠎ᠠ ᠪᠤᠰᠤ ᠪᠡᠯᠡᠳᠬᠡᠯ ᠠᠵᠢᠯ ᠬᠢᠭᠰᠡᠨ ᠶᠤᠮ᠃ | ᠨᠢᠭᠡ ᠵᠢᠯ ᠰᠢᠬᠠᠮ ᠴᠠᠭ ᠵᠠᠷᠤᠴᠠᠭᠤᠯᠵᠤ᠂ ᠶᠠᠫᠤᠨ ᠲᠤᠮᠳᠠᠳᠤ ᠬᠤᠶᠠᠷ ᠤᠯᠤᠰ ᠤᠨ ᠬᠤᠭᠤᠷᠤᠨᠳᠤ ᠵᠤᠷᠴᠢᠨ | ᠠᠶᠠᠯᠠᠵᠤ᠂ ᠦᠪᠡᠰᠦᠪᠡᠨ ᠵᠤᠭᠤᠰ ᠭᠠᠷᠭᠠᠵᠤ ᠰᠤᠳᠤᠯᠭᠠᠨ ᠳᠤ ᠬᠡᠷᠡᠭᠰᠡᠭᠦ ᠲᠤᠨᠤᠭ ᠲᠦᠭᠦᠭᠡᠷᠦᠮᠵᠢ ᠶᠢ ᠬᠤᠳᠠᠯᠳᠤᠨ | ᠠᠪᠤᠬᠰᠠᠨ ᠮᠦᠷᠳᠡᠭᠡᠨ ᠰᠤᠳᠤᠯᠬᠤ ᠲᠤᠭᠤᠢᠢᠯᠠᠩ ᠵᠢᠴᠢ ᠬᠤᠪᠢ ᠤᠷᠤᠭᠤᠯᠤᠬᠰᠠᠨ ᠺᠤᠮᠫᠠᠨᠢ ᠶᠢ ᠰᠠᠨᠠᠭᠠᠴᠢᠯᠠᠨ | ᠪᠠᠶᠢᠭᠤᠯᠵᠤ᠂ ᠬᠠᠷᠢᠵᠤ ᠢᠷᠡᠭᠰᠡᠨ ᠤ ᠲᠠᠷᠠᠭ᠎ᠠ ᠰᠤᠳᠤᠯᠭᠠᠨ ᠤ ᠠᠵᠢᠯᠯᠠᠭ᠎ᠠ ᠪᠠᠨ ᠦᠷᠭᠦᠯᠵᠢᠯᠡᠨ ᠦᠷᠨᠢᠭᠦᠯᠬᠦ ᠳᠤ | ᠬᠦᠢᠴᠡᠳ ᠪᠡᠯᠡᠳᠭᠡᠯ ᠬᠢᠭᠰᠡᠨ ᠪᠠᠶᠢᠨ᠎ᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠨᠢᠭᠡᠨ ᠴᠠᠭ ᠦᠶ᠎ᠡ ᠶᠢ ᠨᠡᠭᠡᠭᠡᠭᠰᠡᠨ ᠨᠢ | 2001 ᠤᠨ ᠤ ᠡᠬᠢᠨ ᠳᠤ᠂ ᠰᠠᠶ᠋ᠢᠬᠠᠨ ᠤᠯᠤᠰ ᠲᠤ ᠪᠠᠨ ᠪᠤᠴᠠᠵᠤ ᠢᠷᠡᠭᠰᠡᠨ ᠴᠢᠯᠠᠭᠤ ᠫᠷᠤᠫᠧᠰᠰᠤᠷ | ᠬᠤᠪᠢ ᠶᠢᠨ ᠤᠶᠤᠨ ᠤ ᠦᠮᠴᠢ ᠶᠢᠨ ᠡᠷᠭᠡ ᠲᠠᠢ ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ | ᠰᠢᠪᠳᠤᠯᠤᠯᠲᠠ ᠶᠢ ᠪᠡᠶᠡᠯᠡᠭᠦᠯᠦᠭᠰᠡᠨ ᠮᠦᠷᠳᠡᠭᠡᠨ ᠪᠦᠭᠡᠮ ᠢᠶᠠᠷ ᠦᠢᠯᠡᠳᠪᠦᠷᠢᠯᠡᠬᠦ ᠪᠤᠯᠭᠠᠵᠤ᠂ ᠮᠠᠨ ᠤ ᠤᠯᠤᠰ ᠤᠨ | ᠺᠣᠪᠠᠯᠲ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠲᠡᠶᠢᠯᠬᠦ ᠦᠭᠡᠢ ᠲᠡᠦᠭᠡ ᠶᠢ | ᠡᠴᠦᠰᠯᠡᠬᠦᠯᠵᠦ᠂ ᠴᠠᠬᠢᠯᠭᠠᠨ ᠵᠠᠢ ᠶᠢᠨ ᠦᠪᠡᠷ ᠤᠨ ᠦᠷᠳᠡᠭ ᠢ ᠶᠡᠭᠡᠪᠡᠷ ᠪᠠᠭᠠᠰᠬᠠᠬᠰᠠᠨ ᠪᠠᠶᠢᠨ᠎ᠠ᠃ ᠴᠠᠬᠢᠯᠭᠠᠨ | ᠵᠠᠢ ᠶᠢᠨ ᠵᠠᠩᠬᠢᠯᠠᠭ᠎ᠠ ᠶᠢᠨ ᠮᠠᠲ᠋ᠧᠷᠢᠶᠠᠯ ᠢ ᠲᠤᠳᠤᠭᠠᠳᠤ ᠳᠤ ᠪᠠᠨ ᠦᠢᠯᠡᠳᠪᠦᠷᠢᠯᠡᠭᠰᠡᠨ ᠠᠴᠠ ᠪᠤᠯᠵᠤ᠂ ᠤᠬᠤᠷᠬᠠᠨ | ᠬᠡᠳᠦᠨ ᠵᠢᠯ ᠳᠤ ᠲᠤᠮᠳᠠᠳᠤ ᠤᠯᠤᠰ ᠲᠡᠯᠡᠬᠡᠢ ᠶᠢᠨ ᠯᠢᠲ᠋ᠢ ᠶᠢᠨ ᠴᠠᠬᠢᠯᠭᠠᠨ ᠵᠠᠢ ᠦᠢᠯᠡᠳᠪᠦᠷᠢᠯᠡᠬᠦ ᠶᠡᠭᠡ ᠤᠯᠤᠰ | ᠪᠤᠯᠵᠤ ᠬᠦᠭᠵᠢᠭᠰᠡᠨ ᠮᠦᠷᠳᠡᠭᠡᠨ ᠴᠠᠬᠢᠯᠭᠠᠨ ᠵᠠᠢ ᠶᠢᠨ ᠭᠠᠷᠭᠠᠯᠳᠠ ᠨᠢ ᠲᠡᠯᠡᠬᠡᠢ ᠶᠢᠨ ᠭᠤᠷᠪᠠᠨ ᠤ ᠨᠢᠭᠡ ᠶᠢ | ᠡᠵᠡᠯᠡᠭᠰᠡᠨ ᠪᠠᠶᠢᠨ᠎ᠠ᠃ | ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠤᠯᠤᠯᠲᠠ ᠶᠢ ᠪᠡᠶᠡᠯᠡᠭᠦᠯᠦᠭᠰᠡᠨ ᠤ ᠲᠠᠷᠠᠭ᠎ᠠ | ᠴᠢᠯᠠᠭᠤ ᠫᠷᠤᠫᠧᠰᠰᠤᠷ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ ᠬᠦᠴᠦᠨ ᠤ | ᠴᠠᠬᠢᠯᠭᠠᠨ ᠵᠠᠢ ᠦᠢᠯᠡᠳᠪᠦᠷᠢᠯᠡᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠬᠰᠠᠨ ᠪᠠᠶᠢᠯ᠎ᠠ᠃ ᠲᠤᠮᠳᠠᠳᠤ | ᠤᠯᠤᠰ ᠲᠤ ᠺᠣᠪᠠᠯᠲ ᠤᠨ ᠡᠬᠢ ᠪᠠᠶᠠᠯᠢᠭ ᠨᠢ ᠲᠦᠢᠯ ᠤᠨ ᠬᠢᠵᠠᠭᠠᠷ ᠲᠠᠢ ᠪᠠᠶᠢᠵᠤ᠂ ᠦᠨᠳᠦᠰᠦᠨ ᠳᠤ ᠪᠠᠨ | ᠭᠠᠳᠠᠭᠠᠳᠤ ᠠᠴᠠ ᠤᠷᠤᠭᠤᠯᠬᠤ ᠳᠤ ᠲᠦᠰᠢᠭᠯᠡᠵᠦ ᠪᠠᠶᠢᠬᠰᠠᠠ ᠤᠴᠢᠷ ᠠᠴᠠ ᠺᠣᠪᠠᠯᠲ ᠬᠦᠴᠢᠯ ᠤᠨ ᠯᠢᠲ᠋ᠢ ᠶᠢᠨ | ᠴᠠᠬᠢᠯᠭᠠᠨ ᠵᠠᠢ ᠶᠢᠨ ᠦᠢᠯᠡᠳᠪᠦᠷᠢᠯᠡᠯ ᠤᠨ ᠦᠪᠡᠷ ᠤᠨ ᠦᠷᠳᠡᠭ ᠨᠢ ᠬᠡᠳᠦ ᠦᠨᠳᠦᠷ ᠮᠦᠷᠳᠡᠭᠡᠨ ᠺᠣᠪᠠᠯᠲ | ᠬᠦᠴᠢᠯ ᠤᠨ ᠯᠢᠲ᠋ᠢ ᠶᠢᠨ ᠬᠠᠯᠠᠭᠤᠨ ᠤ ᠲᠤᠬᠳᠠᠯᠴᠠᠭ᠎ᠠ ᠠᠨᠠᠢ ᠪᠠᠶᠢᠵᠤ᠂ ᠵᠦᠪᠬᠡᠨ ᠭᠠᠷ ᠤᠳᠠᠰᠤ᠂ ᠺᠣᠮᠫᠢᠦᠲ᠋ᠧᠷ | ᠵᠡᠷᠭᠡ ᠪᠠᠭ᠎ᠠ ᠬᠡᠯᠪᠡᠷᠢ ᠶᠢᠨ ᠴᠡᠬᠢᠮ ᠪᠦᠳᠦᠭᠡᠭᠳᠡᠭᠦᠨ ᠤ ᠴᠠᠬᠢᠯᠭᠠᠨ ᠵᠠᠢ ᠪᠣᠯᠭᠠᠬᠤ ᠲᠡᠳᠤᠢ ᠪᠠᠶᠢᠵᠦ᠂ ᠴᠠᠬᠢᠯᠭᠠᠨ | ᠭᠦᠳᠡᠯᠭᠡᠭᠦᠷᠳᠦ ᠮᠠᠰᠢᠨ ᠲᠡᠷᠭᠡᠨ ᠳᠤ ᠵᠤᠬᠢᠬᠤ ᠦᠭᠡᠢ ᠪᠠᠶᠢᠵᠠᠢ᠃ | 2002 ᠤᠨ ᠳᠤ ᠴᠢᠯᠠᠭᠤ ᠰᠤᠳᠤᠯᠭᠠᠨ ᠤ ᠲᠤᠭᠤᠢᠢᠯᠠᠩ ᠢᠶᠠᠨ ᠲᠠᠭᠠᠭᠤᠯᠵᠤ᠂ ᠮᠠᠩᠭᠠᠨ ᠬᠦᠴᠢᠯ ᠤᠨ | ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠦᠯᠦᠯᠳᠡ ᠪᠠᠨ ᠡᠬᠢᠯᠡᠭᠦᠯᠦᠭᠰᠡᠨ ᠪᠠᠶᠢᠨ᠎ᠠ᠃ ᠲᠡᠭᠡᠭᠡᠳ 2003 ᠤᠨ ᠳᠤ | ᠤᠯᠤᠰ ᠤᠨ ᠲᠤᠳᠤᠭᠠᠳᠤ ᠶᠢᠨ ᠤᠤᠭᠠᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ ᠱᠤᠭᠤᠮ ᠢ | ᠪᠠᠶᠢᠭᠤᠯᠵᠤ᠂ ᠶᠡᠭᠡ ᠬᠡᠮᠵᠢᠶᠡᠨ ᠤ ᠲᠤᠬᠳᠠᠪᠤᠷᠢᠳᠤ ᠴᠠᠬᠢᠯᠭᠠᠨ ᠬᠠᠳᠠᠭᠠᠯᠠᠵᠤ ᠲᠡᠶᠢᠯᠬᠦ ᠴᠢᠳᠠᠪᠬᠢ ᠲᠠᠢ ᠤᠬᠢ ᠰᠠᠶᠢᠨ | ᠮᠠᠩᠭᠠᠨ ᠬᠦᠴᠢᠯ ᠤᠨ ᠯᠢᠲ᠋ᠢ ᠶᠢᠨ ᠦᠢᠯᠡᠳᠬᠦᠨ ᠢ ᠵᠠᠬ᠎ᠠ ᠲᠡᠯᠭᠡᠭᠦᠷ ᠲᠤ ᠪᠤᠷᠤᠯᠠᠭᠤᠯᠤᠬᠰᠠᠨ ᠪᠠᠶᠢᠨ᠎ᠠ᠃ ᠮᠦᠨ | ᠵᠢᠯ ᠳᠤ᠂ ᠦᠪᠡᠷ ᠤᠨ ᠦᠢᠯᠡᠳᠪᠦᠷᠢᠯᠡᠭᠰᠡᠨ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ | ᠲᠦᠢᠯ ᠤᠨ ᠮᠠᠲ᠋ᠧᠷᠢᠶᠠᠯ ᠢᠶᠠᠨ ᠠᠰᠢᠬᠯᠠᠵᠤ᠂ ᠤᠯᠤᠰ ᠤᠨ ᠲᠤᠳᠤᠭᠠᠳᠤ ᠳᠤ ᠡᠩ ᠲᠡᠷᠢᠬᠦᠨ ᠳᠤ ᠶᠡᠭᠡ | ᠪᠠᠭᠳᠠᠭᠠᠮᠵᠢ ᠲᠠᠢ ᠬᠦᠳᠡᠯᠭᠡᠭᠦᠷ ᠴᠠᠬᠢᠯᠭᠠᠨ ᠵᠠᠢ ᠶᠢ ᠡᠭᠦᠳᠦᠨ ᠪᠦᠳᠦᠭᠡᠵᠦ᠂ ᠮᠠᠨ ᠤ ᠤᠯᠤᠰ ᠤᠨ ᠴᠠᠬᠢᠯᠭᠠᠨ | ᠬᠦᠳᠡᠯᠭᠡᠭᠦᠷᠲᠣ ᠮᠠᠰᠢᠨ ᠲᠡᠷᠭᠡᠨ ᠤ ᠬᠦᠭᠵᠢᠯᠳᠡ ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠬᠰᠠᠨ ᠡᠨᠧᠷᠬᠢ | ᠬᠠᠳᠠᠭᠠᠯᠠᠬᠤ ᠯᠢᠲ᠋ᠢ ᠶᠢᠨ ᠴᠠᠬᠢᠯᠭᠠᠨ ᠵᠠᠢ ᠶᠢᠨ ᠮᠡᠷᠭᠡᠵᠢᠯ ᠤᠨ ᠴᠢᠬᠤᠯᠠ ᠰᠢᠪᠳᠤᠯᠤᠯᠳᠠ ᠶᠢ ᠪᠡᠶᠡᠯᠡᠬᠦᠯᠵᠡᠢ᠃ ᠡᠬᠦᠪᠡᠷ | ᠪᠦᠬᠦ ᠲᠡᠯᠡᠬᠡᠢ ᠶᠢᠨ ︽ᠡᠨᠧᠷᠬᠢ ᠠᠷᠪᠢᠯᠠᠵᠤ ᠪᠤᠬᠢᠷᠳᠤᠯ ᠭᠠᠳᠠᠬᠰᠢᠯᠠᠭᠤᠯᠬᠤ ᠶᠢ ᠪᠠᠭᠠᠰᠬᠠᠬᠤ︾ ᠬᠠᠨᠳᠤᠰᠢ ᠳᠤ | ᠨᠡᠶᠢᠴᠡᠭᠰᠡᠨ ᠰᠢᠨ᠎ᠡ ᠮᠠᠶ᠋ᠢᠭ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠦᠭᠵᠢᠯᠳᠡ ᠶᠢ ᠠᠬᠢᠭᠤᠯᠤᠬᠰᠠᠨ | ᠪᠠᠶᠢᠨ᠎ᠠ᠃ | | ᠮᠠᠯᠴᠢᠨ ᠠᠶᠢᠯ ᠢ ᠬᠡᠷᠡᠯᠳᠦᠭᠦᠯᠦᠭᠰᠡᠨ ︽ᠪᠢᠴᠢᠯ ᠴᠠᠬᠢᠯᠭᠠᠨ ᠦᠷᠳᠡᠭᠡ︾ | ᠡᠬᠡ ᠤᠷᠤᠨ᠂ ᠲᠠᠯ᠎ᠠ ᠨᠤᠲᠤᠭ ᠲᠤ ᠪᠠᠨ ᠭᠦᠨ ᠵᠤᠵᠠᠭᠠᠨ ᠬᠠᠶᠢᠷ ᠠ ᠰᠡᠳᠬᠢᠯᠭᠡ ᠡᠪᠦᠷᠯᠡᠭᠰᠡᠭᠡᠷ ᠢᠷᠡᠭᠰᠡᠨ | ᠴᠢᠯᠠᠭᠤ ᠫᠷᠤᠹᠧᠰᠰᠤᠷ ᠢᠮᠠᠬᠳᠠ ᠲᠠᠯ ᠠ ᠨᠤᠳᠤᠭ ᠤᠨ ᠠᠷᠠᠳ ᠲᠦᠮᠡᠨ ᠤ ᠪᠠᠨ ᠠᠮᠢᠳᠤᠷᠠᠯ ᠳᠤ ᠠᠩᠬᠠᠷᠤᠯ ᠢᠶᠠᠨ | ᠬᠠᠨᠳᠤᠭᠤᠯᠤᠭᠰᠠᠭᠠᠷ ᠢᠷᠡᠭᠰᠡᠨ ᠶᠤᠮ᠃ 2001 ᠤᠨ ᠪᠡ 2004 ᠤᠨ ᠳᠤ᠂ ᠲᠡᠷᠡ ᠨᠤᠳᠤᠭ ᠤᠨ ᠢᠶᠠᠨ ᠪᠠᠭ᠎ᠠ | ᠰᠤᠷᠭᠠᠭᠤᠯᠢ ᠶᠢᠨ ᠰᠤᠷᠤᠯᠭ᠎ᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ ᠦᠪᠡᠷ ᠤᠨ | ᠰᠤᠳᠤᠯᠭᠠᠨ ᠤ ᠱᠠᠩᠨᠠᠯ ᠤᠨ ᠮᠦᠩᠬᠦ ᠪᠠᠨ ᠪᠦᠬᠦᠨ ᠢ ᠬᠠᠨᠳᠢᠪᠯᠠᠭᠰᠡᠨ ᠪᠦᠭᠡᠳ ᠪᠡᠭᠡᠵᠢᠩ ᠳᠤ ᠬᠢ | ᠮᠤᠩᠭᠤᠯᠴᠤᠳ ᠤᠨ ᠨᠤᠳᠤᠭ ᠨᠢᠭᠡᠳᠡᠨ ᠤ ᠨᠡᠶᠢᠭᠡᠮᠯᠢᠭ ᠢ ᠰᠠᠨᠠᠭᠠᠴᠢᠯᠠᠨ ᠪᠠᠶᠢᠭᠤᠯᠵᠤ᠂ ᠮᠤᠳᠤ ᠲᠠᠷᠢᠬᠤ᠂ | ᠰᠤᠷᠤᠯᠭ᠎ᠠ ᠶᠢ ᠲᠡᠳᠬᠦᠬᠦ ᠵᠡᠷᠭᠡ ᠤᠯᠠᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ | ᠪᠡᠭᠡᠵᠢᠩ ᠤᠨ ᠵᠦᠩ ᠭᠤᠸᠠᠨ ᠼᠦᠨ ᠳᠤ ᠬᠢ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠢᠢᠯᠠᠯ ᠪᠡ | ᠴᠢᠳᠡᠪᠤᠷᠢᠳᠡᠨ ᠢ ᠵᠤᠬᠢᠶᠠᠨ ᠪᠠᠶᠢᠭᠤᠯᠵᠤ ᠦᠪᠦᠷ ᠮᠤᠩᠭᠤᠯ ᠤᠷᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ | ᠬᠢᠯᠭᠡᠵᠦ᠂ ᠤᠷᠤᠨ ᠤ ᠴᠢᠳᠡᠪᠦᠷᠢᠳᠡᠨ ᠢ ᠬᠦᠮᠦᠵᠢᠬᠦᠯᠬᠦ ᠪᠡ ᠮᠡᠷᠭᠡᠵᠢᠯ ᠤᠨ ᠲᠠᠪᠰᠢᠯᠳᠡ ᠶᠢ ᠠᠬᠢᠭᠤᠯᠤᠬᠰᠠᠨ ᠪᠠᠶᠢᠨ᠎ᠠ᠃ | | ᠤᠳᠤᠬᠠᠨ ᠳᠤ ᠮᠡᠨ ᠤ ᠤᠯᠤᠰ ᠤᠨ ᠵᠠᠷᠢᠮ ᠬᠢᠯᠢ ᠬᠢᠵᠠᠭᠠᠷ ᠤᠷᠤᠨ ᠳᠤ ᠴᠠᠬᠢᠯᠭᠠᠨ ᠨᠡᠪᠳᠡᠷᠡᠬᠡᠳᠦᠢ ᠪᠤᠶᠤ | ᠴᠠᠬᠢᠯᠭᠠᠨ ᠤ ᠬᠠᠩᠭᠠᠯᠳᠠ ᠬᠦᠢᠴᠡᠳ ᠦᠭᠡᠢ ᠪᠠᠶᠢᠵᠤ᠂ ᠭᠠᠵᠠᠷ ᠤᠷᠤᠨ ᠤ ᠬᠦᠭᠵᠢᠯᠳᠡ ᠪᠡ ᠠᠷᠠᠳ ᠤᠨ | ᠠᠮᠢᠳᠤᠷᠠᠯ ᠤᠨ ᠬᠢᠷᠢ ᠲᠦᠪᠰᠢᠨ ᠤ ᠲᠡᠭᠡᠭᠰᠢᠯᠡᠯᠳᠡ ᠶᠢ ᠬᠢᠵᠠᠭᠠᠷᠯᠠᠵᠤ ᠪᠤᠢ᠃ ᠭᠡᠷᠪᠡ ᠡᠳᠡᠭᠡᠷ ᠭᠠᠵᠠᠷ ᠤᠷᠤᠨ ᠳᠤ | ᠴᠠᠬᠢᠯᠭᠠᠨ ᠲᠤᠤᠷ ᠲᠠᠳᠠᠬᠤ ᠳᠤ ᠬᠦᠷᠪᠡᠯ ᠤᠯᠠᠨ ᠮᠡᠷᠭᠡᠵᠢᠯ ᠤᠨ ᠲᠠᠯ᠎ᠠ ᠶᠢᠨ ᠬᠦᠴᠢᠷᠳᠡᠯ ᠲᠠᠢ ᠮᠦᠷᠳᠡᠭᠡᠨ | ᠦᠪᠡᠷ ᠤᠨ ᠦᠷᠳᠡᠭ ᠨᠢ ᠭᠡᠳᠦ ᠦᠨᠳᠦᠷ ᠪᠠᠶᠢᠳᠠᠭ᠂ ᠨᠢᠭᠡ ᠺᠢᠯᠣᠮᠲ᠋ᠧᠷ ᠤᠨ ᠴᠠᠬᠢᠯᠭᠠᠨ ᠲᠤᠤᠷ ᠲᠠᠳᠠᠬᠤ ᠳᠤ ᠪᠠᠷᠤᠭ | 10 ᠲᠦᠮᠠᠨ ᠲᠦᠭᠦᠷᠢᠭ ᠤᠨ ᠪᠡᠯᠡ ᠤᠷᠤᠭᠤᠯᠬᠤ ᠭᠡᠷᠡᠭᠳᠡᠢ᠃ ᠡᠶᠢᠮᠦ ᠠᠴᠠ ᠡᠳᠡᠭᠡᠷ ᠭᠠᠵᠠᠷ ᠤᠷᠤᠨ ᠤ | ᠴᠠᠬᠢᠯᠭᠠᠨ ᠤ ᠬᠠᠩᠭᠠᠯᠳᠠ ᠶᠢᠨ ᠪᠠᠶᠢᠳᠠᠯ ᠢ ᠬᠡᠷᠬᠢᠨ ᠰᠠᠶᠢᠵᠢᠷᠠᠭᠤᠯᠬᠤ ᠨᠢ ᠲᠤᠯᠭᠠᠮ᠎ᠠ ᠴᠢᠬᠤᠯᠠ ᠠᠰᠠᠭᠤᠳᠠᠯ | ᠪᠤᠯᠤᠬᠰᠠᠨ ᠪᠠᠶᠢᠨ᠎ᠠ᠃ | 2011 ᠤᠨ ᠠᠴᠠ ᠨᠠᠭᠠᠰᠢ᠂ ᠴᠢᠯᠠᠭᠤ ᠫᠷᠤᠹᠧᠰᠰᠤᠷ ᠰᠢᠨ᠎ᠡ ᠠᠷᠭ᠎ᠠ ᠵᠠᠮ ᠰᠦᠪᠡᠭᠴᠢᠯᠡᠵᠦ᠂ ᠮᠠᠯᠴᠢᠨ | ᠠᠷᠠᠳ ᠤᠨ ᠠᠮᠢᠳᠤᠷᠠᠯ ᠳᠤ ᠭᠡᠷᠡᠯ ᠪᠡ ᠢᠯᠴᠢ ᠬᠦᠷᠭᠡᠬᠦ ᠪᠠᠷ ᠵᠤᠷᠢᠵᠤ᠂ ︽ᠪᠢᠴᠢᠯ ᠴᠠᠬᠢᠯᠭᠠᠨ ᠦᠷᠳᠡᠭᠡ︾ ᠬᠡᠬᠦ | ᠤᠶᠤᠨᠴᠢ ᠰᠢᠰᠲ᠋ᠧᠮ ᠤᠨ ᠪᠦᠳᠦᠭᠡᠨ ᠪᠠᠶᠢᠭᠤᠯᠤᠯᠳᠠ ᠳᠤ ᠤᠶᠤᠨ ᠴᠢᠳᠠᠯ ᠢᠶᠠᠨ ᠰᠢᠪᠬᠠᠬᠰᠠᠨ ᠪᠠᠶᠢᠨ᠎ᠠ᠃ | ᠴᠢᠯᠠᠭᠤ ᠫᠷᠤᠹᠧᠰᠰᠤᠷ ᠪᠡ ᠲᠡᠭᠦᠨ ᠤ ᠰᠤᠳᠤᠯᠭᠠᠨ ᠤ ᠲᠤᠭᠤᠢᠢᠯᠠᠩ ᠨᠢ ᠬᠤᠶᠠᠷ ᠵᠢᠯ ᠰᠢᠬᠠᠮ ᠤᠨ | ᠲᠦᠯᠦᠪᠯᠡᠯᠭᠡ ᠪᠡ ᠲᠤᠷᠰᠢᠯᠳᠠ ᠪᠠᠷ ᠲᠠᠮᠵᠢᠨ᠂ ᠡᠴᠦᠰ ᠲᠤ ᠪᠠᠨ 2013 ᠤᠨ ᠳᠤ ᠠᠩᠬᠠᠨ ᠤ ᠨᠢᠭᠡ ᠪᠦᠯᠦᠭ | ᠪᠢᠴᠢᠯ ᠴᠠᠬᠢᠯᠭᠠᠨ ᠦᠷᠳᠡᠭᠡ ᠶᠢ ᠪᠠᠶᠢᠭᠤᠯᠵᠤ ᠠᠰᠢᠬᠯᠠᠯᠳᠠ ᠳᠤ ᠤᠷᠤᠭᠤᠯᠤᠭᠰᠠᠨ ᠪᠠᠶᠢᠨ᠎ᠠ᠃ ᠪᠢᠴᠢᠯ ᠴᠠᠬᠢᠯᠭᠠᠨ | ᠦᠷᠳᠡᠭᠡ ᠨᠢ ᠴᠢᠯᠠᠭᠤ ᠫᠷᠤᠹᠧᠰᠰᠤᠷ ᠤᠨ ︽ᠠᠷᠢᠭᠤᠨ ᠴᠡᠪᠡᠷ᠂ ᠲᠦᠬᠦᠮ ᠲᠦᠳᠡ᠂ ᠦᠨᠳᠦᠷ ᠠᠰᠢᠬᠯᠠᠮᠵᠢᠳᠠᠢ᠂ | ᠤᠶᠤᠨᠴᠢ ᠴᠢᠳᠠᠪᠬᠢ ᠲᠠᠢ︾ ᠵᠡᠷᠭᠡ ᠰᠢᠨ᠎ᠡ ᠶᠢ ᠡᠭᠦᠳᠬᠦ ᠰᠡᠳᠬᠢᠴᠡ ᠶᠢ ᠢᠯᠡᠷᠡᠬᠦᠯᠵᠦ᠂ ᠲᠤᠬᠠᠢ ᠶᠢᠨ ᠭᠠᠵᠠᠷ ᠤᠨ | ᠪᠠᠶᠢᠭᠠᠯᠢ ᠶᠢᠨ ᠡᠨᠧᠷᠬᠢ᠂ ᠵᠢᠱᠢᠶᠡᠯᠡᠪᠡᠯ ᠨᠠᠷᠠᠨ ᠤ ᠡᠨᠧᠷᠬᠢ᠂ ᠰᠠᠯᠬᠢᠨ ᠡᠨᠧᠷᠬᠢ ᠵᠡᠷᠭᠡ ᠴᠡᠪᠡᠷ ᠡᠨᠧᠷᠬᠢ ᠶᠢ | ᠬᠠᠳᠠᠭᠠᠯᠠᠨ ᠠᠰᠢᠬᠯᠠᠵᠤ᠂ ᠠᠳᠠᠯᠢ ᠪᠤᠰᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠬᠰᠠᠨ | ᠪᠠᠶᠢᠨ᠎ᠠ᠃ ᠨᠢᠭᠡ ᠺᠢᠯᠣᠸᠠᠲ ᠤᠨ ᠪᠢᠴᠢᠯ ᠴᠠᠬᠢᠯᠭᠠᠨ ᠦᠷᠳᠡᠭᠡ ᠨᠢ ᠦᠨᠳᠦᠰᠦᠨ ᠳᠤ ᠪᠠᠨ ᠨᠢᠭᠡ ᠮᠠᠯᠴᠢᠨ ᠠᠶᠢᠯ ᠤᠨ | ᠭᠡᠷᠡᠯᠳᠦᠭᠦᠯᠭᠡ᠂ ᠲᠧᠯᠸᠢᠰ ᠦᠵᠡᠬᠦ ᠵᠡᠷᠭᠡ ᠡᠳᠦᠷ ᠲᠤᠳᠤᠮ ᠤᠨ ᠬᠡᠷᠡᠭᠴᠡᠭᠡ ᠶᠢ ᠬᠠᠩᠭᠠᠵᠤ ᠲᠡᠶᠢᠯᠵᠦ᠂ ᠲᠠᠪᠤᠨ | ᠺᠢᠯᠣᠸᠠᠲ ᠤᠨ ᠪᠢᠴᠢᠯ ᠴᠠᠬᠢᠯᠭᠠᠨ ᠦᠷᠳᠡᠭᠡ ᠨᠢ ᠨᠢᠭᠡ ᠡᠷᠦᠭᠡ ᠶᠢᠨ ᠪᠤᠷᠳᠤᠭ᠎ᠠ ᠬᠡᠮᠬᠡᠯᠡᠬᠦ ᠮᠠᠰᠢᠨ᠂ ᠤᠰᠤ ᠲᠠᠳᠠᠬᠤ | ᠮᠠᠰᠢᠨ ᠵᠡᠷᠭᠡ ᠦᠢᠯᠡᠳᠪᠦᠷᠢᠯᠡᠯ ᠤᠨ ᠭᠡᠷᠡᠭᠰᠡᠯ ᠳᠤ ᠴᠠᠬᠢᠯᠭᠠᠨ ᠬᠠᠩᠭᠠᠵᠤ ᠲᠡᠶᠢᠯᠳᠡᠭ᠃ ᠡᠳᠡᠭᠡᠷ ᠪᠢᠴᠢᠯ | ᠴᠠᠬᠢᠯᠭᠠᠨ ᠤ ᠦᠷᠳᠡᠭᠡ ᠨᠢ ᠪᠠᠶᠢᠭᠠᠯᠢ ᠶᠢᠨ ᠡᠨᠧᠷᠬᠢ ᠶᠢ ᠠᠰᠢᠬᠯᠠᠵᠤ ᠮᠠᠯᠴᠢᠳ ᠤᠨ ᠠᠮᠢᠳᠤᠷᠠᠯ ᠪᠡ | ᠦᠢᠯᠡᠳᠪᠦᠷᠢᠯᠡᠯ ᠳᠤ ᠬᠢ ᠴᠠᠬᠢᠯᠭᠠᠨ ᠤ ᠬᠡᠷᠡᠭᠴᠡᠭᠡ ᠶᠢ ᠦᠨᠳᠦᠰᠦᠨ ᠳᠤ ᠪᠠᠨ ᠬᠠᠩᠭᠠᠵᠤ᠂ ᠴᠠᠬᠢᠯᠭᠠᠨ ᠲᠤᠳᠠᠬᠳᠠᠬᠤ | ᠪᠠᠶᠢᠳᠠᠯ ᠢ ᠵᠤᠬᠢᠬᠤ ᠭᠡᠮᠵᠢᠶᠠᠨ ᠳᠤ ᠰᠠᠶᠢᠵᠢᠷᠠᠭᠤᠯᠤᠬᠰᠠᠨ ᠮᠦᠷᠳᠡᠭᠡᠨ ᠤᠷᠴᠢᠨ ᠲᠤᠭᠤᠷᠢᠨ ᠳᠤ ᠪᠤᠬᠢᠷᠳᠦᠯ ᠦᠭᠡᠢ | ᠰᠢᠨ᠎ᠡ ᠡᠨᠧᠷᠬᠢ ᠶᠢᠨ ᠦᠢᠯᠡᠳᠭᠦᠨ ᠤ ᠪᠤᠳᠠᠳᠤ ᠵᠢᠱᠢᠶ ᠡ ᠪᠤᠯᠵᠠᠢ᠃ ᠴᠢᠯᠠᠭᠤ ᠫᠷᠤᠹᠧᠰᠰᠤᠷ᠄ ︽ᠪᠢᠳᠠ | ᠤᠳᠤᠬᠠᠨ ᠳᠤ ᠨᠢᠭᠡ ᠠᠶᠢᠯ ᠨᠢᠭᠡ ᠡᠷᠦᠭᠡ ᠶᠢᠨ ᠴᠠᠬᠢᠯᠭᠠᠨ ᠤ ᠬᠡᠷᠡᠭᠴᠡᠭᠡ ᠶᠢ ᠬᠠᠩᠭᠠᠵᠤ ᠴᠢᠳᠠᠬᠰᠠᠨ᠂ | ᠲᠠᠷᠠᠭᠠᠴᠢ ᠪᠠᠷ ᠪᠦᠬᠦ ᠲᠡᠯᠡᠬᠡᠢ ᠶᠢᠨ ᠴᠠᠬᠢᠯᠭᠠᠨ ᠡᠨᠧᠷᠬᠢ ᠬᠠᠳᠠᠭᠠᠯᠠᠬᠳᠠᠬᠤ ᠠᠰᠠᠭᠤᠳᠠᠯ ᠳᠤ ᠴᠢᠭᠯᠡᠬᠦᠯᠵᠤ | ᠰᠤᠳᠤᠯᠭᠠᠨ ᠢᠶᠠᠨ ᠦᠷᠭᠦᠯᠵᠢᠯᠡᠭᠦᠯᠦᠨ᠎ᠡ᠂ ᠡᠭᠦᠨ ᠤ ᠤᠯᠠᠮ ᠠᠴᠠ ᠪᠦᠬᠦ ᠲᠡᠯᠡᠬᠡᠢ ᠶᠢᠨ ᠡᠨᠧᠷᠬᠢ ᠶᠢᠨ ᠠᠰᠠᠭᠤᠳᠠᠯ᠂ | ᠤᠷᠴᠢᠨ ᠲᠤᠭᠤᠷᠢᠨ ᠤ ᠠᠰᠠᠭᠤᠳᠠᠯ᠂ ᠡᠬᠢ ᠪᠡᠶᠠᠯᠢᠭ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ︾ | ᠬᠡᠵᠦ ᠬᠤᠶᠢᠰᠢᠳᠠ ᠶᠢᠨ ᠲᠦᠰᠦᠪ ᠲᠦᠯᠦᠪᠯᠡᠭᠡ ᠪᠠᠨ ᠶᠠᠷᠢᠵᠤ ᠪᠠᠶᠢᠯ᠎ᠠ᠃ | ᠰᠢᠷᠭᠠᠭᠤ ᠬᠠᠳᠠᠭᠤᠵᠢᠯᠳᠠᠢ ᠡᠭᠦᠳᠦᠨ ᠪᠦᠳᠦᠭᠡᠯᠳᠡ ᠶᠢᠨ ᠵᠠᠮ | ᠴᠢᠯᠠᠭᠤ ᠫᠷᠤᠹᠧᠰᠰᠤᠷ ᠬᠢᠭᠡᠳ ᠲᠡᠭᠦᠨ ᠤ ᠰᠤᠳᠤᠯᠭᠠᠨ ᠤ ᠲᠤᠭᠤᠢᠢᠯᠠᠩ 2008 ᠣᠨ ᠤ ᠪᠡᠭᠡᠵᠢᠩ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ 2010 ᠤᠨ ᠤ ᠱᠠᠩᠬᠠᠢ ᠶᠢᠨ ᠳᠡᠯᠡᠬᠡᠢ ᠶᠢᠨ ᠦᠵᠡᠰᠭᠦᠯᠡᠩ ᠤᠨ | ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ ᠬᠦᠴᠦᠨ ᠤ ᠴᠠᠬᠢᠯᠭᠠᠨ ᠵᠠᠢ ᠶᠢᠨ | ᠲᠦᠰᠦᠯ ᠢ ᠬᠠᠷᠢᠭᠤᠴᠠᠨ ᠭᠦᠢᠴᠡᠳᠭᠡᠵᠠᠢ᠃ ᠲᠡᠷᠨ ᠪᠠᠰᠠ ᠤᠯᠤᠰ ᠤᠨ ︽ᠠᠷᠪᠠᠨ ᠨᠢᠭᠡᠳᠦᠭᠡᠷ ᠲᠠᠪᠣᠨ ᠵᠢᠯ ᠤᠨ | ᠲᠦᠯᠦᠪᠵᠢᠬᠦᠯᠭᠡ︾ ᠶᠢᠨ 863 ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠦᠳᠡᠯᠭᠡᠭᠴᠢ ᠬᠦᠴᠦᠨ ᠤ | ᠯᠢᠲ᠋ᠢ ᠶᠢᠨ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠭᠰᠠᠨ ᠪᠦᠭᠡᠳ ᠰᠤᠳᠤᠯᠭᠠᠨ ᠤ ᠦᠷ ᠡ ᠪᠦᠳᠦᠮᠵᠢ ᠨᠢ | ᠤᠯᠤᠰ ᠤᠷᠤᠨ ᠲᠡᠯᠡᠬᠡᠢ ᠨᠡᠶᠢᠳᠡ ᠶᠢᠨ ᠦᠨᠳᠦᠷ ᠦᠨᠡᠯᠡᠯᠳᠡ ᠶᠢ ᠤᠯᠤᠬᠰᠠᠭᠠᠷ ᠢᠷᠡᠵᠡᠢ᠃ | 2016 ᠤᠨ ᠤ 10 ᠰᠠᠷ᠎ᠠ ᠶᠢᠨ 18 ᠤ ᠤᠷᠤᠢ᠂ ᠡᠺᠦ᠋ᠸᠠᠳᠣᠷ ᠤᠯᠤᠰ ᠤᠨ ᠨᠡᠶᠢᠰᠯᠡᠯ ᠺᠢᠲ᠋ᠣ᠋ ᠬᠤᠲᠠ ᠳᠤ | ᠶᠠᠪᠤᠭᠳᠠᠭᠰᠠᠨ ︽ᠦᠷᠬᠦᠯᠵᠢᠯᠡᠨ ᠬᠦᠭᠵᠢᠬᠦ ᠬᠤᠲᠠ ᠨᠤᠭᠤᠳ ᠬᠢᠭᠡᠳ ᠬᠦᠮᠦᠨ ᠲᠦᠷᠦᠯᠬᠢᠳᠡᠨ ᠤᠷᠤᠰᠢᠨ | ᠠᠮᠢᠳᠣᠷᠠᠬᠤ ᠪᠠᠶᠢᠭᠠᠯᠢ ᠣᠷᠴᠢᠨ ᠤ ᠱᠠᠩᠨᠠᠯ︾ ᠭᠠᠷᠳᠠᠭᠤᠯᠬᠤ ᠶᠤᠰᠤᠯᠠᠯ ᠲᠡᠭᠡᠷ᠎ᠡ ᠴᠢᠯᠠᠭᠤ ᠫᠷᠤᠹᠧᠰᠰᠤᠷ ᠯᠢᠲ᠋ᠢ ᠶᠢᠨ | ᠴᠠᠬᠢᠯᠭᠠᠨ ᠵᠠᠢ ᠶᠢᠨ ᠰᠤᠳᠤᠯᠤᠯ ᠢᠶᠠᠷ ᠢᠶᠠᠨ ᠪᠤᠬᠢᠷᠳᠤᠯ ᠦᠭᠡᠢ ᠰᠢᠨ᠎ᠡ ᠡᠨᠧᠷᠬᠢ ᠶᠢᠨ ᠭᠦᠷᠢᠶᠡᠨ ᠳᠤ ᠦᠵᠡᠭᠦᠯᠦᠭᠰᠡᠨ | ᠬᠤᠪᠢ ᠨᠡᠮᠡᠷᠢ ᠪᠠᠷ ᠢᠶᠠᠨ ︽ᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ | ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ︾ ᠢ ᠲᠤᠰᠴᠠᠢ᠃ | ︽ᠯᠢᠲ᠋ᠢ ᠶᠢᠨ ᠴᠠᠬᠢᠯᠭᠠᠨ ᠵᠠᠢ ᠳᠤ ᠮᠦᠨ ᠴᠦᠭᠡᠨ ᠪᠤᠰᠤ ᠠᠰᠠᠭᠤᠳᠠᠯ ᠤᠷᠤᠰᠢᠵᠤ ᠪᠤᠢ᠂ ᠡᠨᠡ ᠪᠤᠯ | ᠲᠡᠯᠡᠬᠡᠢ ᠶᠢᠨ ᠴᠢᠨᠠᠷᠳᠠᠢ ᠬᠦᠴᠢᠷ ᠠᠰᠠᠭᠤᠳᠠᠯ ᠮᠦᠨ᠃ ᠭᠡᠳᠦ᠋ᠢᠪᠡᠷ ᠵᠠᠮ ᠬᠤᠯᠠ᠂ ᠬᠠᠷᠰᠢ ᠰᠠᠭᠠᠳ ᠤᠯᠠᠨ | ᠪᠤᠯᠪᠠᠴᠤ ᠴᠠᠬᠢᠯᠭᠠᠨ ᠬᠦᠳᠡᠯᠭᠡᠭᠦᠷᠳᠦ ᠲᠡᠷᠭᠡ ᠶᠢᠨ ᠠᠵᠤ ᠦᠢᠯᠡᠳᠪᠦᠷᠢᠯᠡᠯ ᠢ ᠬᠦᠭᠵᠢᠭᠦᠯᠬᠦ ᠨᠢ ᠮᠡᠨ ᠤ ᠤᠯᠤᠰ᠂ | ᠲᠡᠷᠡᠴᠢᠯᠡᠨ ᠪᠦᠬᠦ ᠲᠡᠯᠡᠬᠡᠢ ᠶᠢᠨ ᠬᠠᠨᠳᠤᠰᠢ ᠮᠦᠨ᠃ ᠡᠨᠧᠷᠬᠢ ᠠᠷᠪᠢᠯᠠᠬᠤ ᠪᠡ ᠰᠢᠨ᠎ᠡ ᠡᠨᠧᠷᠬᠢ ᠶᠢ ᠬᠦᠭᠵᠢᠬᠦᠯᠬᠦ | ᠶᠡᠭᠡ ᠭᠦᠭᠵᠢᠯᠳᠡ ᠶᠢᠨ ᠴᠢᠭᠯᠡᠯᠳᠡ ᠨᠢ ᠮᠠᠨ ᠤ ᠦᠢᠯᠡᠰ ᠪᠦᠳᠦᠭᠡᠵᠦ ᠰᠢᠨ᠎ᠡ ᠶᠢ ᠡᠭᠦᠳᠬᠦ ᠶᠢᠨ ᠦᠨᠳᠦᠰᠦᠨ ᠤᠷᠢᠳᠠᠯ | ᠪᠤᠯᠤᠨ᠎ᠠ︾ ᠭᠡᠵᠦ ᠴᠢᠯᠠᠭᠤ ᠫᠷᠤᠹᠧᠰᠰᠤᠷ ᠬᠡᠯᠡᠵᠦ ᠪᠠᠶᠢᠯ ᠠ᠃ ︵ ᠶᠢᠨ ᠪᠤᠤ︶ | ᠨᠠᠶᠢᠷᠠᠭᠤᠯᠤᠭᠴᠢ᠄ ᠲᠡᠮᠦᠷᠭᠤᠣᠯᠲᠣ |