ᠦᠵᠡᠰᠭᠦᠯᠡᠩᠳᠦ ᠰᠠᠶᠢᠬᠠᠨ ᠦᠨᠢᠷ ᠪᠠᠶᠠᠯᠢᠭ ᠡᠶ᠎ᠡ ᠵᠤᠬᠢᠴᠠᠩᠭᠤᠢ ᠵᠤᠯ ᠵᠢᠷᠭᠠᠯᠳᠤ ᠰᠢᠨ᠎ᠠ ᠪᠠᠷᠭᠤ ᠵᠡᠬᠦᠨ ᠬᠤᠰᠢᠭᠤ ᠶᠢ ᠪᠦᠳᠦᠭᠡᠨ ᠪᠠᠶᠢᠭᠤᠯᠤᠨ᠎ᠠ — ᠰᠢᠨ᠎ᠠ ᠪᠠᠷᠭᠤ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2020/10/28
    ᠰᠢᠨ᠎ᠠ ᠪᠠᠷᠭᠤ ᠵᠡᠬᠦᠨ ᠬᠤᠰᠢᠭᠤ ᠶᠡᠷᠦᠩᠬᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠶᠠᠪᠤᠳᠠᠯ ᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠬᠠᠯᠠᠭᠤᠨ ᠦᠷᠨᠢᠯᠳᠡ ᠶᠢ ᠦᠳᠳᠡᠷ ᠲᠦᠷᠭᠡᠨ ᠪᠤᠢ ᠪᠤᠯᠭᠠᠨ ᠰᠤᠷᠤᠯᠴᠠᠬᠤ ᠰᠡᠳᠭᠢᠬᠦ ᠬᠡᠷᠡᠭᠯᠡᠬᠦ ᠶᠢ ᠨᠡᠪᠳᠡᠷᠡᠯᠴᠡᠭᠦᠯᠦᠨ᠂ ᠮᠡᠳᠡᠬᠦ ᠢᠳᠡᠭᠡᠬᠦ ᠬᠡᠷᠡᠭᠵᠢᠬᠦᠯᠬᠦ ᠶᠢ ᠨᠢᠭᠡᠳᠭᠡᠨ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭᠠᠨ ᠤ ᠲᠠᠯ᠎ᠠ ᠪᠠᠷ ᠢᠮᠠᠭᠳᠠ ᠰᠢ ᠶᠢᠨ ᠫᠢᠡᠭ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠭᠡᠳᠦᠯ ᠲᠠᠢ ᠪᠠᠶᠢᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠤᠨ ᠰᠠᠶᠢᠳᠤᠷ ᠠᠳᠬᠤᠬᠤ ᠠᠵᠢᠯ ᠳᠤ ᠨᠠᠶᠢᠳᠠᠪᠤᠷᠢᠵᠢᠭᠤᠯᠤᠨ᠂ ︽ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠤᠬᠢᠷᠳᠤᠯ ᠦᠭᠡᠢ ᠬᠦᠭᠵᠢᠬᠦᠯᠵᠤ᠂ ᠦᠵᠡᠰᠭᠦᠯᠡᠩᠳᠦ ᠰᠠᠶᠢᠬᠠᠨ ᠦᠨᠢᠷ ᠪᠠᠶᠠᠯᠢᠭ ᠡᠶ᠎ᠡ ᠵᠤᠬᠢᠴᠠᠩᠭᠤᠢ ᠵᠤᠯ ᠵᠢᠷᠭᠠᠯᠳᠤ ᠰᠢᠨ᠎ᠠ ᠪᠠᠷᠭᠤ ᠵᠡᠬᠦᠨ ᠬᠤᠰᠢᠭᠤ ᠶᠢ ᠪᠦᠳᠦᠭᠡᠨ ᠪᠠᠶᠢᠭᠤᠯᠬᠤ︾ ᠶᠢ ᠪᠦᠬᠦ ᠬᠦᠴᠦᠨ ᠢᠶᠠᠷ ᠡᠭᠦᠳᠬᠦ ᠦᠢᠯᠡᠳᠦᠯᠭᠡ ᠶᠢᠨ ᠲᠤᠮᠳᠠ ᠨᠠᠶᠢᠳᠠᠪᠤᠷᠢᠵᠢᠭᠤᠯᠤᠨ᠎ᠠ᠃ ᠡᠨᠡ ᠪᠤᠯ ᠰᠢᠨ᠎ᠠ ᠪᠠᠷᠭᠤ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠦᠭᠡ ᠪᠤᠯᠤᠨ᠎ᠠ᠃     ᠪᠦᠷᠢᠨᠪᠠᠶᠠᠷ ᠬᠡᠯᠡᠬᠦ ᠳᠡᠭᠡᠨ᠂ ᠰᠢᠨ᠎ᠠ ᠪᠠᠷᠭᠤ ᠵᠡᠬᠦᠨ ᠬᠤᠰᠢᠭᠤ ᠶᠡᠷᠦᠩᠬᠡᠢ ᠱᠦᠵᠢ ᠰᠢ ᠶᠢᠨ ᠫᠢᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠰᠢᠷᠢᠰ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠳᠠ ᠴᠢᠩᠭᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠡᠭᠭᠡᠷᠡᠭᠰᠡᠨ ᠲᠠᠢ ᠪᠠᠨ ᠠᠳᠠᠯᠢ ᠪᠠᠷ ᠴᠠᠭ ᠢ ᠱᠠᠯᠠᠪᠳᠠᠨ ᠪᠤᠳᠠᠳᠠᠢ ᠨᠠᠷᠢᠯᠢᠭ ᠠᠳᠬᠤᠨ᠎ᠠ᠃ ︽ᠲᠤᠳᠤᠭᠠᠳᠤ ᠳᠠᠭᠠᠨ ᠲᠡᠬᠢᠨ ᠬᠡᠴᠡᠭᠦᠳᠡᠬᠦ ᠶᠢ ᠰᠡᠷᠭᠡᠶᠢᠯᠡᠬᠦ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠭᠠᠳᠠᠭᠰᠢ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠠᠵᠢᠯ ᠢ ᠦᠷᠬᠦᠯᠵᠢᠯᠡᠨ ᠪᠤᠳᠠᠳᠠᠢ ᠨᠠᠷᠢᠯᠢᠭ ᠠᠳᠬᠤᠵᠤ᠂ ᠡᠯ᠎ᠠ ᠠᠵᠢᠯ ᠲᠦᠷᠦᠯ᠂ ᠬᠠᠷᠢᠶ᠎ᠠ ᠤᠷᠤᠨ ᠤ ᠪᠠᠶᠢᠡᠭᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠦᠨ ᠪᠤᠳᠠᠳᠠᠶᠢᠵᠢᠭᠤᠯᠵᠤ᠂ ᠭᠤᠤᠯᠳᠠᠯᠭ᠎ᠠ ᠲᠠᠢ ᠬᠦᠮᠦᠰ᠂ ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠰᠢ ᠦᠭᠡᠢ ᠲᠤᠪᠤᠶᠢᠯᠭᠠᠨ ᠠᠳᠬᠤᠵᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠬᠦᠯᠵᠤ᠂ ᠡᠳᠦᠷ ᠲᠤᠳᠤᠮ ᠤᠨ ᠰᠡᠷᠭᠡᠶᠢᠯᠡᠨ ᠡᠵᠡᠮᠳᠡᠬᠦ ᠬᠠᠮᠢᠶᠠᠷᠤᠯᠳᠠ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠡᠵᠡᠮᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠡᠭᠭᠤᠵᠢᠭᠤᠯᠤᠨ ᠦᠷᠨᠢᠬᠦᠯᠵᠤ᠂ ︽ᠪᠦᠷᠢᠨ ᠢᠯᠠᠯᠳᠠ ᠶᠢ ᠤᠯᠬᠤ ᠦᠭᠡᠢ ᠪᠤᠯ ᠴᠡᠷᠢᠭ ᠢᠶᠠᠨ ᠶᠠᠭᠠᠬᠢᠭᠰᠠᠨ ᠴᠤ ᠲᠠᠳᠠᠬᠤ ᠦᠭᠡᠢ︾ ᠭᠡᠪᠡ᠃     ᠰᠢᠨ᠎ᠠ ᠪᠠᠷᠭᠤ ᠵᠡᠬᠦᠨ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠢᠮᠠᠭᠳᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠲᠡᠷᠢᠬᠦᠨ ᠴᠢᠬᠤᠯᠠ ᠡᠭᠦᠷᠭᠡ ᠪᠤᠯᠭᠠᠵᠤ᠂ ︽ᠲᠦᠷᠪᠡ ᠶᠢ ᠬᠠᠶᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠬᠢᠭᠡᠳ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠳᠦᠮᠵᠢᠳᠡᠢ ᠵᠤᠯᠭᠠᠭᠤᠯᠬᠤ ᠠᠵᠢᠯ ᠢ ᠯᠠᠪᠳᠠᠭᠤᠨ ᠪᠠᠳᠤ ᠰᠠᠶᠢᠳᠤᠷ ᠬᠢᠵᠤ᠂ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ᠂ ᠶᠠᠳᠠᠭᠤ ᠶᠢ ᠲᠡᠳᠭᠦᠬᠦ ᠠᠷᠭ᠎ᠠ ᠬᠡᠮᠵᠢᠶ᠎ᠡ ᠶᠢᠨ ᠲᠤᠭᠳᠠᠭᠤᠨ᠂ ᠬᠤᠪᠢᠷᠠᠰᠢ ᠦᠭᠡᠢ ᠪᠠᠶᠢᠬᠤ ᠶᠢ ᠪᠠᠳᠤᠯᠠᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠦᠪᠡᠷ ᠢ ᠪᠠᠨ ᠬᠦᠭᠵᠢᠬᠦᠯᠬᠦ ᠴᠢᠳᠠᠪᠤᠷᠢ ᠶᠢ ᠦᠷᠬᠦᠯᠵᠢᠯᠡᠨ ᠲᠡᠭᠡᠭᠰᠢᠯᠡᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠪᠤᠭᠤᠮᠳᠠ ᠰᠢᠪᠳᠤᠯᠬᠤ ᠱᠠᠳᠤᠨ ᠳᠤ ᠤᠷᠤᠭᠰᠠᠨ ᠵᠠᠩᠭᠢᠯᠠᠭ᠎ᠠ ᠶᠢᠨ ᠦᠶ᠎ᠡ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠬᠦᠯᠦᠨ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠬᠠᠷᠠᠯᠳᠠ ᠳᠤ ᠠᠩᠬᠠᠷᠤᠯ ᠢᠶᠠᠨ ᠲᠦᠪᠯᠡᠷᠡᠬᠦᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠮᠬᠢᠯᠡᠵᠤ ᠲᠦᠷᠦ ᠶᠢᠨ ᠪᠤᠳᠤᠯᠭ᠎ᠠ ᠪᠠᠷ ᠲᠡᠳᠭᠦᠬᠦ ᠳᠤ ᠤᠨᠤᠴᠠᠳᠠᠢ᠂ ᠲᠦᠷᠦ ᠶᠢᠨ ᠪᠤᠳᠤᠯᠭ᠎ᠠ ᠶᠢ ᠤᠨᠤᠴᠠᠳᠠᠢ ᠬᠡᠷᠡᠭᠵᠢᠬᠦᠯᠬᠦ ᠶᠢ ᠪᠡᠶᠡᠯᠡᠬᠦᠯᠤᠨ᠎ᠠ᠃ ᠤᠨᠢᠨ ᠲᠡᠭᠡᠷ᠎ᠡ ᠨᠢ ᠶᠠᠳᠠᠭᠤ ᠶᠢ ᠲᠡᠳᠭᠦᠬᠦ ᠠᠷᠭ᠎ᠠ ᠬᠡᠮᠵᠢᠶ᠎ᠡ ᠶᠢ ᠬᠦᠨᠵᠡᠭᠡᠶᠢᠷᠡᠬᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠬᠦ᠂ ᠠᠵᠢᠯ ᠤᠯᠭᠤᠯᠳᠠ ᠪᠠᠷ ᠶᠠᠳᠠᠭᠤ ᠶᠢ ᠲᠡᠳᠭᠦᠬᠦ᠂ ᠤᠨᠳᠤᠤ ᠭᠠᠵᠠᠷ ᠰᠢᠯᠵᠢᠬᠦᠯᠦᠨ ᠶᠠᠳᠠᠭᠤ ᠶᠢ ᠲᠡᠳᠭᠦᠬᠦ᠂ ᠦᠨᠳᠦᠰᠦᠨ ᠠᠮᠢᠳᠤᠷᠠᠯ ᠢ ᠪᠠᠳᠤᠯᠠᠬᠤ ᠵᠡᠷᠭᠡ ᠵᠠᠩᠭᠢᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠳᠠ ᠦᠭᠡᠢ ᠪᠠᠬᠢᠵᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ ᠲᠠᠶᠢᠯᠠᠯᠳᠤᠭᠠᠨ ᠤ ᠰᠢᠢᠳᠪᠦᠷᠢᠳᠦ ᠢᠯᠠᠯᠳᠠ ᠤᠯᠬᠤ ᠶᠢ ᠪᠠᠳᠤᠯᠠᠨ᠎ᠠ᠃     ᠪᠢᠳᠡ ᠠᠵᠤ ᠦᠢᠯᠡᠰ ᠤᠨ ᠬᠦᠭᠵᠢᠯᠳᠡ ᠶᠢ ᠦᠷᠬᠦᠯᠵᠢᠯᠡᠨ ᠲᠦᠷᠭᠡᠳᠭᠡᠨ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠲᠠᠯ᠎ᠠ ᠪᠠᠷ ᠪᠤᠳᠠᠳᠤ ᠦᠷ᠎ᠡ ᠠᠰᠢᠭ ᠤᠯᠬᠤ ᠶᠢ ᠠᠬᠢᠭᠤᠯᠵᠤ ᠂ ︽ᠪᠠᠷᠭᠤ ᠠᠳᠤᠭᠤ︾ ᠶᠢᠨ ᠲᠦᠷᠦᠯ ᠲᠡᠮᠳᠡᠭ ᠢ ᠪᠤᠶᠢᠵᠢᠭᠤᠯᠬᠤ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ︽ᠪᠠᠷᠭᠤ ᠬᠤᠨᠢ︾ ᠶᠢᠨ ᠲᠦᠷᠦᠯ ᠲᠡᠮᠳᠡᠭ ᠢ ᠬᠦᠭᠵᠢᠬᠦᠯᠵᠤ᠂ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ᠂ ᠰᠦ ᠮᠢᠬᠠᠨ ᠤ ᠪᠦᠳᠦᠭᠡᠭᠳᠡᠭᠦᠨ᠂ ᠦᠨᠳᠦᠰᠦᠳᠡᠨ ᠤ ᠦᠢᠯᠡᠳᠭᠦᠨ ᠦᠢᠯᠡᠳᠬᠦ ᠵᠡᠷᠭᠡ ᠤᠯᠠᠮᠵᠢᠯᠠᠯᠳᠤ ᠠᠵᠤ ᠦᠢᠯᠡᠰ ᠤᠨ ︽ᠪᠤᠬᠢᠷᠳᠤᠯ ᠦᠭᠡᠢ ᠤᠷᠭᠠᠨᠢᠭ ᠲᠡᠭᠡᠳᠦ ᠲᠡᠰ︾ ᠲᠡᠶᠢᠰᠢ ᠬᠤᠪᠢᠷᠠᠬᠤ ᠶᠢ ᠲᠡᠮᠵᠢᠨ᠂ ᠦᠨᠳᠦᠰᠦᠳᠡᠨ ᠤ ᠤᠨᠴᠠᠯᠢᠭᠳᠤ ᠠᠵᠤ ᠦᠢᠯᠡᠰ ᠤᠨ ᠬᠦᠷᠢᠶᠡᠯᠠᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠦᠨᠳᠦᠰᠦᠳᠡᠨ ᠤ ᠤᠨᠴᠠᠯᠢᠭᠳᠤ ᠰᠦ ᠮᠢᠬᠠᠨ ᠤ ᠪᠦᠳᠦᠭᠡᠭᠳᠡᠬᠦᠨ᠂ ᠭᠠᠷ ᠤᠷᠠᠯᠠᠯ ᠤᠨ ᠪᠦᠳᠦᠭᠡᠭᠳᠡᠬᠦᠨ ᠢ ᠪᠦᠬᠦᠨ ᠢ ᠠᠵᠤ ᠦᠢᠯᠡᠰ ᠤᠨ ᠬᠡᠯᠬᠢᠶ᠎ᠡ ᠲᠠᠢ ᠵᠤᠯᠭᠠᠭᠤᠯᠵᠤ᠂ ᠤᠨᠴᠠᠯᠢᠭᠵᠢᠭᠤᠯᠤᠨ ᠬᠦᠭᠵᠢᠬᠦᠯᠬᠦ᠂ ᠲᠦᠪᠯᠡᠷᠡᠩᠭᠦᠢ ᠬᠦᠭᠵᠢᠬᠦᠯᠬᠦ ᠲᠦᠪᠰᠢᠨ ᠢ ᠲᠡᠭᠡᠭᠰᠢᠯᠡᠬᠦᠯᠦᠨ᠎ᠡ᠃ ᠮᠠᠯᠵᠢᠬᠤ ᠤᠷᠤᠨ ᠤ ᠤᠳᠤᠬᠢᠴᠢᠯᠠᠯᠳᠠ ᠶᠢ ᠲᠦᠷᠭᠡᠳᠭᠡᠬᠦ ᠪᠠᠷ ᠬᠠᠷᠠᠯᠳᠠ ᠪᠤᠯᠭᠠᠨ ᠂ ᠬᠤᠰᠢᠭᠤᠨ ᠲᠡᠰ ᠤᠨ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ︾ ᠶᠢ ᠰᠠᠶᠢᠳᠤᠷ ᠬᠡᠷᠡᠭᠵᠢᠬᠦᠯᠦᠨ᠂ ᠠᠵᠤ ᠦᠢᠯᠡᠰ ᠢ ᠬᠦᠭᠵᠢᠬᠦᠯᠬᠦ ᠪᠠᠷ ᠮᠠᠯᠵᠢᠬᠤ ᠤᠷᠤᠨ ᠢ ᠬᠦᠭᠵᠢᠬᠦᠯᠬᠦ ᠦᠨᠳᠦᠰᠦ ᠪᠤᠯᠭᠠᠵᠤ᠂ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠠᠷ ᠮᠠᠯᠵᠢᠬᠤ ᠤᠷᠤᠨ ᠤ ᠠᠵᠤ ᠠᠬᠤᠢ ᠶᠢᠨ ᠬᠦᠭᠵᠢᠯᠳᠡ ᠶᠢ ᠲᠠᠶᠢᠴᠢᠯᠠᠬᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠤᠨ ᠪᠠᠶᠠᠵᠢᠭᠤᠯᠬᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠵᠠᠰᠠᠭ ᠶᠠᠪᠤᠭᠤᠯᠬᠤ ᠰᠠᠭᠤᠷᠢ ᠶᠢ ᠪᠠᠬᠢᠵᠢᠬᠦᠯᠬᠦ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠲᠠᠰᠤᠷᠠᠯᠳᠠ ᠦᠭᠡᠢ ᠬᠦᠭᠵᠢᠬᠦᠯᠦᠨ ᠪᠤᠵᠠᠭᠠᠢᠢᠷᠠᠭᠤᠯᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠠᠰᠢᠭ ᠤᠯᠬᠤ ᠶᠢ ᠪᠠᠳᠤᠯᠠᠨ᠎ᠠ᠃ ᠡᠭᠦᠨ ᠤ ᠬᠠᠮᠳᠤ ᠲᠦᠭᠡᠮᠡᠯ ᠬᠠᠷᠠᠭᠠᠯᠵᠠᠯᠳᠤ᠂ ᠰᠠᠭᠤᠷᠢ ᠴᠢᠨᠠᠷᠳᠠᠢ᠂ ᠦᠨᠳᠦᠰᠦᠨ ᠠᠴᠠ ᠨᠢ ᠪᠠᠳᠤᠯᠠᠬᠤ ᠴᠢᠨᠠᠷᠳᠠᠢ ᠪᠠᠳᠤᠯᠠᠭ᠎ᠠ ᠶᠢ ᠰᠠᠶᠢᠳᠤᠷ ᠠᠳᠬᠤᠵᠤ᠂ ᠠᠵᠢᠯ ᠤᠯᠭᠤᠬᠤ᠂ ᠰᠤᠷᠭᠠᠨ ᠬᠦᠮᠦᠵᠢᠯ᠂ ᠡᠮᠴᠢᠯᠡᠭᠡ ᠵᠡᠷᠭᠡ ᠲᠠᠯ᠎ᠠ ᠪᠠᠷ ᠬᠢ ᠠᠷᠠᠳ ᠤᠨ ᠠᠮᠢᠳᠤᠷᠠᠯ ᠢ ᠪᠠᠳᠤᠯᠠᠬᠤ ᠬᠦᠴᠦᠯᠡᠴᠡ ᠶᠢ ᠨᠡᠮᠡᠭᠳᠡᠬᠦᠯᠦᠨ᠂ ᠮᠠᠯᠵᠢᠬᠤ ᠤᠷᠤᠨ ᠤ ᠰᠤᠶᠤᠯ ᠤᠨ ᠦᠢᠯᠡᠰ ᠪᠤᠯᠤᠨ ᠰᠤᠶᠤᠯ ᠤᠨ ᠠᠵᠤ ᠦᠢᠯᠡᠰ ᠢ ᠪᠠᠳᠠᠷᠠᠭᠤᠯᠤᠨ ᠬᠦᠭᠵᠢᠬᠦᠯᠵᠤ᠂ ᠪᠠᠷᠭᠤ ᠶᠠᠰᠤᠳᠠᠨ ᠤ ᠦᠨᠳᠦᠰᠦᠳᠡᠨ ᠤ ᠵᠠᠩ ᠦᠢᠯᠡ ᠪᠠ ᠠᠷᠠᠳ ᠤᠨ ᠰᠤᠶᠤᠯ ᠤᠨ ᠨᠦᠯᠦᠭᠡᠯᠡᠬᠦ ᠬᠦᠴᠦᠨ ᠢ ᠨᠡᠮᠡᠭᠳᠡᠬᠦᠯᠦᠨ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠭᠦᠳᠦᠨ ᠪᠠᠶᠢᠭᠤᠯᠬᠤ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠵᠤ᠂᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠦᠨᠵᠡᠭᠡᠶᠢᠷᠡᠨ ᠬᠦᠭᠵᠢᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃      ᠪᠦᠷᠢᠨᠪᠠᠶᠠᠷ ᠬᠡᠯᠡᠬᠦ ᠳᠡᠭᠡᠨ᠂ ᠪᠢᠳᠡ ︽ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ︾ ᠤᠢᠢᠯᠠᠭᠠᠭᠳᠠᠬᠤᠨ ᠢ ᠢᠮᠠᠭᠳᠠ ᠵᠢᠷᠤᠮᠯᠠᠨ᠂ ᠠᠮᠢ ᠠᠬᠤᠢ ᠶᠢ ᠬᠠᠮᠠᠭᠠᠯᠠᠬᠤ ᠵᠠᠰᠠᠬᠤ ᠬᠦᠴᠦᠯᠡᠴᠡ ᠪᠠᠨ ᠨᠡᠮᠡᠭᠳᠡᠬᠦᠯᠦᠨ ᠂ ᠬᠦᠯᠦᠨ ᠨᠠᠭᠤᠷ ᠢᠶᠠᠷ ᠭᠤᠤᠯ ᠪᠤᠯᠭᠠᠭᠰᠠᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠲᠠᠯ᠎ᠠ ᠨᠤᠳᠤᠭ ᠡᠯᠡᠰᠦ ᠮᠠᠩᠬ᠎ᠠ ᠶᠢ ᠰᠢᠰᠲᠧᠮ ᠲᠠᠢ ᠵᠠᠰᠠᠬᠤ ᠠᠵᠢᠯ ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠭᠤᠤᠯ ᠮᠦᠷᠡᠨ ᠨᠠᠭᠤᠷ ᠪᠦᠷᠢᠳᠦ ᠶᠢᠨ ᠲᠠᠷᠤᠭ᠎ᠠ ᠶᠢᠨ ᠲᠦᠷᠢᠮ ᠢ ᠲᠠᠰᠤᠷᠠᠯᠳᠠ ᠦᠭᠡᠢ ᠴᠢᠩᠭᠠᠳᠬᠠᠵᠤ᠂ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠪᠠᠬᠢᠵᠢᠬᠦᠯᠦᠨ᠂᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠲᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠭᠢᠯᠭᠡ ᠪᠠᠷ ᠬᠦᠯᠦᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠬᠦᠴᠦᠳᠡᠢ ᠲᠦᠯᠬᠢᠨ ᠠᠬᠢᠭᠤᠯᠵᠤ ᠂ ᠶᠡᠷᠦᠩᠬᠡᠶᠢᠯᠡᠨ ᠵᠠᠰᠠᠬᠤ ᠠᠵᠢᠯ ᠨᠠᠩ ᠰᠠᠶᠢᠨ ᠦᠷ᠎ᠡ ᠪᠦᠳᠦᠮᠵᠢ ᠤᠯᠬᠤ ᠶᠢ ᠪᠠᠳᠤᠯᠠᠨ᠎ᠠ᠃ ᠬᠦᠬᠡ ᠤᠭᠳᠠᠷᠭᠤᠢ᠂ ᠴᠡᠯᠮᠡᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠦᠷᠨᠢᠬᠦᠯᠵᠤ᠂ ᠵᠢᠱᠢᠶ᠎ᠡ ᠦᠵᠡᠬᠦᠯᠬᠦ ᠰᠤᠮᠤ᠂ ᠭᠠᠴᠠᠭ᠎ᠠ ᠶᠢᠨ ᠲᠠᠭᠠᠭᠤᠯᠤᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠬᠤ ᠠᠷᠭ᠎ᠠ ᠪᠠᠷ ᠮᠠᠯᠵᠢᠬᠤ ᠤᠷᠤᠨ ᠤ ᠵᠤᠷᠯᠤᠩ ᠤᠨ ᠦᠭᠡᠷᠡᠴᠢᠯᠡᠯᠳᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ ᠬᠤᠭ ᠨᠤᠪᠰᠢ ᠪᠤᠬᠢᠷ ᠤᠰᠤ ᠶᠢ ᠰᠢᠢᠳᠪᠦᠷᠢᠯᠡᠬᠦ᠂ ᠮᠠᠯ ᠤᠨ ᠢᠯᠭᠠᠳᠠᠰᠤ ᠶᠢ ᠰᠢᠢᠳᠪᠦᠷᠢᠯᠡᠬᠦ ᠲᠦᠭᠦᠭᠡᠷᠦᠮᠵᠢ ᠶᠢ ᠪᠦᠳᠦᠭᠡᠨ ᠪᠠᠶᠢᠭᠤᠯᠵᠤ᠂ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠤᠨ᠎ᠠ ᠭᠡᠵᠠᠢ᠃                                            ᠵᠤᠬᠢᠶᠠᠭᠴᠢ᠄ ᠰᠢᠦᠢ ᠰᠢᠶᠤᠤ ᠮᠸᠢ
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号