ᠬᠤᠯᠤᠭᠠᠨ᠎ᠠ ᠶᠢᠨ ᠬᠢᠵᠢᠭ ᠤᠨ ᠲᠤᠬᠠᠶ᠂ ᠲᠠᠨ ᠤ ᠠᠩᠬᠠᠷᠴᠤ ᠪᠠᠶᠢᠭ᠎ᠠ 12 ᠠᠰᠠᠭᠤᠯᠲᠠ ᠳᠤ ᠡᠷᠬᠡ ᠰᠦᠷᠲᠦ ᠬᠠᠷᠢᠭᠤᠯᠲᠠ ᠥᠭᠪᠡ
ᠨᠡᠶᠢᠲᠡᠯᠡᠭᠰᠡᠨ ᠴᠠᠭ᠄
2020/10/28
    ᠡᠩ ᠤᠨ ᠬᠥᠮᠦᠨ ᠤ ᠦᠵᠡᠬᠦ ᠪᠠᠷ᠂ ᠬᠤᠯᠤᠭᠠᠨ᠎ᠠ ᠶᠢᠨ ᠬᠢᠵᠢᠭ ᠠᠴᠠ ᠠᠶᠤᠬᠤ ᠬᠡᠮᠵᠢᠶ᠎ᠡ ᠨᠢ ᠬᠤᠯᠢᠷ᠎ᠠ ᠪᠠ ᠰᠦᠷᠢᠶ᠎ᠡ ᠶᠢ ᠬᠤᠯᠠ ᠬᠦᠷᠬᠦ ᠦᠭᠡᠢ᠃ ᠭᠡᠪᠡᠴᠦ ᠮᠠᠨ ᠤ ᠤᠯᠤᠰ ᠤᠨ ᠬᠠᠤᠯᠢ ᠳᠤ ᠲᠣᠭᠲᠠᠭᠠᠭᠰᠠᠨ ᠮᠡᠳᠡᠭᠦᠯᠦᠯᠲᠡ ᠬᠢᠭᠰᠡᠨ ᠬᠠᠯᠳᠠᠪᠤᠷᠢᠲᠤ ᠡᠪᠡᠳᠴᠢᠨ ᠤ ᠳᠣᠲᠣᠷ᠎ᠠ᠂ ᠬᠤᠯᠤᠭᠠᠨ᠎ᠠ ᠶᠢᠨ ᠬᠢᠵᠢᠭ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠤ ᠲᠡᠷᠢᠭᠦᠨ ᠳᠤ ᠣᠷᠣᠵᠤ᠂ ︽1 ᠳ᠋ᠦᠭᠡᠷ︾ ᠡᠪᠡᠳᠴᠢᠨ ᠭᠡᠳᠡᠭ᠃     ᠬᠤᠯᠤᠭᠠᠨ᠎ᠠ ᠶᠢᠨ ᠬᠢᠵᠢᠭ ᠭᠡᠳᠡᠭ ᠨᠢ ᠴᠤᠬᠤᠮ ᠶᠠᠮᠠᠷ ᠡᠪᠡᠳᠴᠢᠨ ᠪᠤᠢ︖ ᠲᠡᠷᠡ ᠨᠢ ᠶᠠᠮᠠᠷ ᠶᠠᠮᠠᠷ ᠠᠷᠭ᠎ᠠ ᠵᠠᠮ ᠢᠶᠠᠷ ᠬᠠᠯᠳᠠᠪᠤᠷᠢᠯᠠᠳᠠᠭ ᠪᠤᠢ︖ ᠡᠩ ᠤᠨ ᠬᠥᠮᠦᠨ ᠤ ᠬᠠᠯᠳᠠᠪᠤᠷᠢᠯᠠᠭᠳᠠᠬᠤ ᠨᠣᠷᠮ᠎ᠠ ᠥᠨᠳᠥᠷ ᠦᠦ︖ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠬᠡᠷᠬᠢᠨ ᠰᠡᠷᠭᠡᠶᠢᠯᠡᠬᠦ ᠪᠣᠶ︖ ᠨᠠᠢᠷᠠᠭᠤᠯᠤᠭᠴᠢ ᠲᠡᠷᠡ ᠳᠠᠷᠤᠢ ᠳᠤᠨᠢ ᠲᠠᠨ ᠳᠤ ᠬᠤᠯᠤᠭᠠᠨ᠎ᠠ ᠶᠢᠨ ᠬᠢᠵᠢᠭ ᠤᠨ ᠲᠤᠬᠠᠢ 12 ᠠᠰᠠᠭᠤᠯᠲᠠ ᠶᠢ ᠡᠮᠬᠢᠯᠡᠵᠦ ᠥᠭᠬᠦᠶ᠎ᠡ᠃ᠠᠰᠠᠭᠤᠯᠲᠠ ᠨᠢᠭᠡ᠄ ᠶᠠᠭᠤ ᠶᠢ ᠬᠤᠯᠤᠭᠠᠨ᠎ᠠ ᠶᠢᠨ ᠬᠢᠵᠢᠭ ᠭᠡᠬᠦ ᠪᠣᠶ︖     ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠶᠤᠯᠰᠤᠨ ᠪᠠᠺᠲ᠋ᠧᠷᠢ ᠠᠴᠠ ᠪᠣᠯᠤᠭᠰᠠᠨ ᠪᠠᠶᠢᠭᠠᠯᠢ ᠶᠢᠨ ᠬᠢᠵᠢᠭ ᠤᠨ ᠡᠭᠦᠰᠦᠯ ᠤᠨ ᠴᠢᠨᠠᠷᠲᠠᠶ ᠡᠪᠡᠳᠴᠢᠨ ᠪᠣᠯᠤᠨ᠎ᠠ᠃ ᠶᠡᠷᠦ ᠳᠡᠭᠡᠨ ᠮᠡᠷᠡᠭᠴᠢ ᠠᠮᠢᠲᠠᠨ ᠤ ᠬᠤᠭᠤᠷᠣᠨᠳᠣ ᠳᠡᠯᠭᠡᠷᠡᠵᠦ᠂ ᠬᠠᠶᠠ ᠬᠥᠮᠦᠨ ᠤ ᠶᠢᠷᠲᠢᠨᠴᠦ ᠳᠤ ᠳᠡᠯᠭᠡᠷᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠲᠣᠭᠲᠠᠭᠠᠭᠰᠠᠨ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠪᠣᠯᠤᠨ᠎ᠠ᠃ ᠪᠡᠭᠡᠵᠢᠩ ᠬᠤᠲᠠ ᠨᠢ ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠡᠭᠦᠰᠦᠯᠲᠡ ᠶᠢᠨ ᠭᠠᠵᠠᠷ ᠪᠢᠰᠢ᠂ ᠭᠡᠪᠡᠴᠦ ᠬᠤᠯᠤᠭᠠᠨ᠎ᠠ ᠶᠢᠨ ᠬᠢᠵᠢᠭ ᠢ ᠣᠷᠣᠭᠤᠯᠬᠤ ᠪᠠ ᠲᠠᠷᠬᠠᠭᠠᠬᠤ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃     ᠬᠤᠯᠤᠭᠠᠨ᠎ᠠ ᠶᠢᠨ ᠬᠢᠵᠢᠭ ᠲᠦᠷᠭᠡᠨ ᠡᠪᠡᠳᠴᠢᠯᠡᠵᠦ᠂ ᠡᠪᠡᠳᠴᠢᠨ ᠤ ᠶᠠᠪᠤᠴᠠ ᠨᠢ ᠣᠬᠤᠷ᠂ ᠥᠭᠦᠬᠦ ᠨᠣᠷᠮ᠎ᠠ ᠨᠢ ᠥᠨᠳᠥᠷ᠂ ᠬᠠᠯᠳᠠᠪᠤᠷᠢᠯᠠᠬᠤ ᠴᠢᠨᠠᠷ ᠨᠢ ᠴᠢᠩᠭ᠎ᠠ᠂ ᠲᠠᠷᠬᠠᠬᠤ ᠨᠢ ᠲᠦᠷᠭᠡᠨ ᠪᠠᠶᠢᠳᠠᠭ᠃ ᠢᠯᠠᠩᠭᠤᠶ᠎ᠠ ᠴᠢᠰᠤ ᠦᠵᠢᠷᠡᠬᠦ ᠴᠢᠨᠠᠷᠲᠠᠶ ᠬᠤᠯᠤᠭᠠᠨ᠎ᠠ ᠶᠢᠨ ᠬᠢᠵᠢᠭ ᠪᠠ ᠠᠭᠤᠰᠬᠢᠨ ᠬᠤᠯᠤᠭᠠᠨ᠎ᠠ ᠶᠢᠨ ᠬᠢᠵᠢᠭ᠂ ᠬᠡᠷᠪᠡ ᠡᠮᠨᠡᠨ ᠵᠠᠰᠠᠬᠤ ᠦᠭᠡᠢ ᠪᠣᠯ ᠡᠪᠡᠳᠴᠢᠨ ᠢᠶᠠᠷ ᠦᠬᠦᠬᠦ ᠨᠤᠷᠮ᠎ᠠ ᠨᠢ 30%-100% ᠪᠣᠯᠤᠨ᠎ᠠ᠃ ᠬᠤᠯᠤᠭᠠᠨ᠎ᠠ ᠬᠢᠵᠢᠭ ᠤᠨ ᠨᠢᠭᠤᠭᠳᠠᠮᠠᠯ ᠬᠤᠭᠤᠴᠠᠭ᠎ᠠ ᠨᠢ ᠨᠡᠯᠢᠶᠡᠳ ᠣᠬᠤᠷ᠂ ᠶᠡᠷᠦ ᠳᠡᠭᠡᠨ 1-6 ᠡᠳᠦᠷ ᠪᠠᠶᠢᠳᠠᠭ᠂ ᠭᠡᠪᠡᠴᠦ ᠣᠨᠴᠠ ᠵᠠᠷᠢᠮ ᠡᠪᠡᠳᠴᠢᠨ ᠤ ᠵᠢᠱᠢᠶ᠎ᠡ ᠨᠢ 8-9 ᠡᠳᠦᠷ ᠭᠥᠷᠳᠡᠭ᠃ᠠᠰᠠᠭᠤᠯᠲᠠ ᠬᠤᠶᠠᠷ᠄ ᠬᠤᠯᠤᠭᠠᠨ᠎ᠠ ᠶᠢᠨ ᠬᠢᠵᠢᠭ ᠶᠠᠮᠠᠷ ᠬᠡᠳᠦᠨ ᠲᠥᠷᠥᠯ ᠪᠠᠶᠢᠬᠤ ᠪᠣᠶ︖     ᠬᠠᠯᠳᠠᠪᠤᠷᠢᠯᠠᠯ ᠤᠨ ᠠᠷᠭ᠎ᠠ ᠵᠠᠮ ᠤᠨ ᠠᠳᠠᠯᠢ ᠪᠤᠰᠤ ᠶᠢ ᠦᠨᠳᠦᠰᠦᠯᠡᠪᠡᠯ᠂ ᠬᠤᠯᠤᠭᠠᠨ᠎ᠠ ᠶᠢᠨ ᠬᠢᠵᠢᠭ ᠨᠢ ᠬᠤᠶᠠᠷ ᠵᠦᠶ᠋ᠯ ᠤᠨ ᠭᠤᠣᠯ ᠬᠡᠯᠪᠡᠷᠢ ᠪᠠᠶᠢᠳᠠᠭ᠄ ᠪᠤᠯᠴᠢᠷᠬᠠᠢ ᠶᠢᠨ ᠬᠡᠯᠪᠡᠷᠢ ᠪᠠ ᠠᠭᠤᠰᠬᠢᠨ ᠤ ᠬᠡᠯᠪᠡᠷᠢ᠃ ᠬᠡᠷᠪᠡ ᠡᠷᠲᠡ ᠣᠨᠣᠰᠢᠯᠠᠪᠠᠯ᠂ ᠡᠨᠡ ᠬᠤᠶᠠᠷ ᠵᠦᠢᠯ ᠤᠨ ᠬᠤᠯᠤᠭᠠᠨ᠎ᠠ ᠶᠢᠨ ᠬᠢᠵᠢᠭ ᠢ ᠪᠦᠷ ᠵᠠᠰᠠᠵᠤ ᠡᠳᠡᠭᠡᠷᠡᠭᠦᠯᠵᠦ ᠪᠣᠯᠤᠨ᠎ᠠ     ᠪᠤᠯᠴᠢᠷᠬᠠᠢ ᠶᠢᠨ ᠬᠡᠯᠪᠡᠷᠢ ᠪᠣᠯ ᠪᠦᠬᠦ ᠪᠥᠮᠪᠥᠷᠴᠡᠭ ᠤᠨ ᠦᠷᠭᠦᠯᠵᠢ ᠲᠣᠬᠢᠶᠠᠯᠳᠤᠳᠠᠭ ᠬᠤᠯᠤᠭᠠᠨ᠎ᠠ ᠶᠢᠨ ᠬᠢᠵᠢᠭ ᠤᠨ ᠲᠥᠷᠥᠯ ᠵᠦᠢᠯ ᠪᠣᠯᠤᠨ᠎ᠠ᠃ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ︵ᠬᠤᠯᠤᠭᠠᠨ᠎ᠠ ᠶᠢᠨ ᠬᠢᠵᠢᠭ ᠤᠨ ᠶᠠᠯᠰᠤᠨ ᠪᠠᠺᠲ᠋ᠧᠷᠢ︶ ᠬᠠᠵᠠᠭᠰᠠᠨ ᠭᠠᠵᠠᠷ ᠠᠴᠠ ᠪᠡᠶ᠎ᠡ ᠮᠠᠬᠠᠪᠣᠳ ᠲᠤ ᠣᠷᠣᠳᠠᠭ᠃ ᠯᠢᠮᠹᠠ ᠶᠢᠨ ᠰᠢᠰᠲ᠋ᠧᠮ ᠢᠶᠠᠷ ᠳᠠᠮᠵᠢᠨ ᠬᠡᠰᠡᠭ ᠭᠠᠵᠠᠷ ᠤᠨ ᠯᠢᠮᠹᠠ ᠶᠢᠨ ᠵᠠᠩᠭᠢᠯᠠᠭ᠎ᠠ ᠳᠤ ᠲᠦᠷᠢᠨ ᠣᠷᠣᠵᠤ᠂ ᠯᠢᠮᠹᠠ ᠶᠢᠨ ᠵᠠᠩᠭᠢᠯᠠᠭ᠎ᠠ ᠳᠣᠲᠣᠷ᠎ᠠ ᠦᠷᠡᠵᠢᠵᠦ᠂ ᠯᠢᠮᠹᠠ ᠶᠢᠨ ᠵᠠᠩᠭᠢᠯᠠᠭ᠎ᠠ ᠦᠷᠪᠢᠰᠦᠯ ᠲᠠᠢ ᠪᠣᠯᠬᠤ᠂ ᠬᠠᠪᠤᠳᠬᠤ ᠪᠠ ᠡᠪᠡᠳᠬᠦ ᠶᠢ ᠡᠭᠦᠰᠭᠡᠳᠡᠭ᠃ ᠡᠭᠦᠨ ᠢ ︽ᠦᠷᠪᠢᠰᠦᠯ ᠤᠨ ᠴᠢᠨᠠᠷᠲᠠᠶ ᠯᠢᠮᠹᠠ ᠶᠢᠨ ᠪᠤᠯᠴᠢᠷᠬᠠᠶ ᠶᠢᠨ ᠬᠠᠪᠤᠳᠠᠷ︾ ᠭᠡᠳᠡᠭ᠃ ᠬᠠᠯᠳᠠᠪᠤᠷᠢᠯᠠᠯ ᠤᠨ ᠰᠡᠭᠦᠯᠴᠢ ᠶᠢᠨ ᠬᠤᠭᠤᠴᠠᠭᠠᠨ ᠳᠤ ᠯᠢᠮᠹᠠ ᠶᠢᠨ ᠵᠠᠩᠭᠢᠯᠠᠭ᠎ᠠ ᠶᠢᠨ ᠦᠷᠪᠢᠰᠦᠯ ᠳᠤ ᠢᠳᠡᠭᠡᠯᠡᠬᠦ ᠴᠢᠨᠠᠷᠲᠠᠢ ᠡᠪᠡᠳᠴᠢᠨ ᠤ ᠬᠤᠪᠢᠷᠠᠯᠲᠠ ᠭᠠᠷᠴᠤ᠂ ᠵᠠᠳᠠᠭᠠᠢ ᠰᠢᠷᠬᠠᠯᠠᠭ᠎ᠠ ᠪᠣᠯᠵᠤ ᠬᠥᠭᠵᠢᠳᠡᠭ᠃ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠤᠨ ᠬᠥᠮᠦᠰ ᠤᠨ ᠬᠤᠭᠤᠷᠣᠨᠳᠣ ᠬᠠᠯᠳᠠᠪᠤᠷᠢᠯᠠᠬᠤ ᠨᠢ ᠨᠡᠯᠢᠶᠡᠳ ᠬᠤᠪᠣᠷᠬᠠᠨ ᠪᠠᠶᠢᠳᠠᠭ᠃ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠨᠢ ᠠᠭᠤᠰᠬᠢᠨ ᠳᠤ ᠬᠦᠷᠲᠡᠯ᠎ᠡ ᠬᠥᠭᠵᠢᠳᠡᠭ᠃ ᠲᠤᠰ ᠲᠥᠷᠥᠯ ᠨᠢ ᠠᠭᠤᠰᠬᠢᠨ ᠤ ᠬᠤᠯᠤᠭᠠᠨ᠎ᠠ ᠶᠢᠨ ᠬᠢᠵᠢᠭ ᠭᠡᠭᠳᠡᠵᠦ᠂ ᠨᠡᠩ ᠬᠦᠨᠳᠦ ᠨᠣᠴᠢᠲᠠᠶ ᠬᠤᠯᠤᠭᠠᠨ᠎ᠠ ᠶᠢᠨ ᠬᠢᠵᠢᠭ ᠪᠣᠯᠤᠨ᠎ᠠ᠃     ᠠᠭᠤᠰᠬᠢᠨ ᠤ ᠬᠡᠯᠪᠡᠷᠢ ᠪᠤᠶᠤ ᠠᠭᠤᠰᠬᠢᠨ ᠤ ᠬᠤᠯᠤᠭᠠᠨ᠎ᠠ ᠶᠢᠨ ᠬᠢᠵᠢᠭ ᠪᠣᠯ ᠬᠠᠮᠤᠭ ᠲᠦᠷᠭᠡᠨ ᠬᠥᠭᠵᠢᠵᠦ ᠪᠠᠶᠢᠭ᠎ᠠ ᠬᠤᠯᠤᠭᠠᠨ᠎ᠠ ᠶᠢᠨ ᠬᠢᠵᠢᠭ ᠪᠣᠯᠤᠨ᠎ᠠ᠃ ᠨᠢᠭᠤᠭᠳᠠᠮᠠᠯ ᠬᠤᠭᠤᠴᠠᠭ᠎ᠠ ᠶᠢ 24 ᠴᠠᠭ ᠪᠣᠯᠲᠠᠯ᠎ᠠ ᠪᠣᠭᠤᠨᠢᠰᠬᠠᠵᠤ ᠪᠣᠯᠤᠨ᠎ᠠ᠃ ᠶᠠᠮᠠᠷᠪᠠ ᠠᠭᠤᠰᠬᠢᠨ ᠤ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠳ ᠴᠥᠮ ᠬᠥᠭᠡᠰᠦ ᠪᠠᠷ ᠬᠠᠯᠳᠠᠪᠤᠷᠢᠯᠠᠯ ᠢ ᠪᠤᠰᠤᠳ ᠲᠤ ᠬᠠᠯᠳᠠᠪᠤᠷᠢᠯᠠᠳᠠᠭ᠃ ᠠᠭᠤᠰᠬᠢᠨ ᠬᠤᠯᠤᠭᠠᠨ᠎ᠠ ᠶᠢᠨ ᠬᠢᠵᠢᠭ ᠬᠡᠷᠪᠡ ᠴᠠᠭ ᠲᠤᠬᠠᠢ ᠳᠤᠨᠢ ᠣᠨᠣᠰᠢᠯᠠᠬᠤ ᠪᠠ ᠡᠮᠨᠡᠨ ᠵᠠᠰᠠᠬᠤ ᠦᠭᠡᠢ ᠪᠣᠯ ᠠᠮᠢ ᠨᠠᠰᠤᠨ ᠳᠤ ᠬᠦᠷᠬᠦ ᠪᠣᠯᠤᠨ᠎ᠠ᠃ ᠭᠡᠪᠡᠴᠦ ᠴᠠᠭ ᠲᠤᠬᠠᠢ ᠳᠤᠨᠢ ᠢᠯᠡᠷᠡᠭᠦᠯᠬᠦ ᠪᠠ ᠡᠮᠨᠡᠨ ᠵᠠᠰᠠᠬᠤ ︵ᠡᠪᠡᠳᠴᠢᠨ ᠤ ᠢᠯᠡᠷᠡᠯ ᠬᠥᠳᠡᠯᠦᠭᠰᠡᠨ 24 ᠴᠠᠭ ᠤᠨ ᠳᠣᠲᠣᠷ᠎ᠠ︶ ᠪᠣᠯ ᠡᠳᠡᠭᠡᠷᠡᠬᠦ ᠨᠣᠷᠮ᠎ᠠ ᠨᠢ ᠮᠠᠰᠢ ᠥᠨᠳᠥᠷ ᠪᠠᠶᠢᠳᠠᠭ᠃ᠠᠰᠠᠭᠤᠯᠲᠠ ᠭᠤᠷᠪᠠ᠄ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ ᠨᠢ ᠶᠠᠭᠤ ᠪᠣᠶ︖     ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ ᠨᠢ ᠬᠠᠯᠳᠠᠪᠤᠷᠢᠯᠠᠭᠰᠠᠨ ᠠᠮᠢᠲᠠᠨ ᠪᠠ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠲᠡᠨ ᠪᠣᠯᠤᠨ᠎ᠠ᠃ ᠬᠤᠰᠲ ᠠᠮᠢᠲᠠᠨ ᠮᠡᠷᠡᠭᠴᠢ ᠠᠮᠢᠲᠠᠨ ᠪᠠ ᠬᠡᠭᠡᠷ᠎ᠡ ᠶᠢᠨ ᠮᠢᠬᠠᠴᠢᠨ ᠠᠮᠢᠲᠠᠨ ᠦᠷᠭᠦᠯᠵᠢ ᠬᠠᠷᠠᠭᠳᠠᠳᠠᠭ᠃ ᠵᠢᠱᠢᠶᠡᠯᠡᠪᠡᠯ ᠪᠣᠷᠣ ᠲᠠᠷᠪᠠᠭ᠎ᠠ᠂ ᠤᠯᠠᠭᠠᠨ ᠲᠠᠷᠪᠠᠭ᠎ᠠ᠂ ᠾᠢᠮᠠᠯᠠᠶ᠎ᠠ ᠲᠠᠷᠪᠠᠭ᠎ᠠ᠂ ᠣᠷᠳᠣ ᠰᠡᠭᠦᠯᠲᠦ ᠰᠢᠷ᠎ᠠ ᠬᠤᠯᠤᠭᠠᠨ᠎ᠠ ᠵᠡᠷᠭᠡ᠃ᠠᠰᠠᠭᠤᠯᠲᠠ ᠳᠥᠷᠪᠡ᠄ ᠬᠥᠮᠦᠨ ᠬᠡᠷᠬᠢᠨ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠪᠣᠶ︖     ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠠᠷᠭ᠎ᠠ ᠵᠠᠮ ᠨᠢ ᠭᠤᠣᠯᠳᠠᠭᠤ ᠬᠤᠶᠠᠷ ᠵᠦᠢᠯ ᠪᠠᠶᠢᠳᠠᠭ᠄     1 ᠨᠣᠬᠠᠶ ᠶᠢᠨ ᠪᠥᠭᠡᠰᠦ ᠶᠢᠨ ᠬᠠᠵᠠᠭᠳᠠᠭᠰᠠᠨ ᠲᠠᠷᠬᠠᠯᠲᠠ ᠶᠢᠨ ᠠᠷᠭ᠎ᠠ ᠨᠢ ᠬᠤᠯᠤᠭᠠᠨ᠎ᠠ — ᠨᠣᠬᠠᠶ ᠶᠢᠨ ᠪᠥᠭᠡᠰᠦ — ᠬᠥᠮᠦᠨ ᠪᠣᠯᠤᠨ᠎ᠠ᠃ ᠲᠤᠬᠠᠶᠢᠯᠠᠪᠠᠯ ᠨᠣᠬᠠᠢ ᠶᠢᠨ ᠪᠥᠭᠡᠰᠦ ᠬᠤᠯᠤᠭᠠᠨ᠎ᠠ ᠶᠢ ᠬᠠᠵᠠᠭᠰᠠᠨ ᠤ ᠳᠠᠷᠠᠭ᠎ᠠ ᠬᠥᠮᠦᠨ ᠢ ᠬᠠᠵᠠᠬᠤ ᠪᠤᠶᠤ ᠬᠢᠵᠢᠭ ᠬᠠᠯᠳᠠᠪᠤᠷᠢᠯᠠᠭᠰᠠᠨ ᠲᠠᠷᠪᠠᠭᠠᠨ ᠤ ᠠᠷᠠᠰᠤ ᠶᠢ ᠱᠠᠭᠠᠯᠬᠤ ᠪᠤᠶᠤ ᠪᠤᠰᠤᠳ ᠬᠢᠵᠢᠭ ᠬᠠᠯᠳᠠᠪᠤᠷᠢᠯᠠᠭᠰᠠᠨ ᠠᠮᠢᠲᠠᠨ ᠢ ᠱᠠᠭᠠᠯᠵᠤ ᠢᠳᠡᠳᠡᠭ᠃ ᠡᠶᠢᠮᠦᠷᠬᠦᠦ ᠬᠠᠯᠳᠠᠪᠤᠷᠢᠯᠠᠬᠤ ᠠᠷᠭ᠎ᠠ ᠮᠠᠶ᠋ᠢᠭ ᠨᠢ ᠦᠷᠭᠦᠯᠵᠢ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠪᠤᠶᠤ ᠴᠢᠰᠤ ᠦᠵᠢᠷᠡᠬᠦ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠢ ᠡᠭᠦᠰᠭᠡᠳᠡᠭ᠃     2 ᠬᠥᠮᠦᠨ — ᠬᠥᠮᠦᠨ ᠤᠯᠠᠮᠵᠢᠯᠠᠨ ᠲᠠᠷᠬᠠᠭᠠᠬᠤ ᠠᠷᠭ᠎ᠠ ᠮᠠᠶ᠋ᠢᠭ᠃ ᠲᠤᠬᠠᠶᠢᠯᠠᠪᠠᠯ ᠡᠷᠡᠭᠦᠯ ᠡᠪᠡᠳᠴᠢᠲᠡᠨ ᠠᠭᠤᠰᠬᠢᠨ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠲᠠᠢ ᠬᠦᠷᠦᠯᠴᠡᠭᠰᠡᠨ ᠤ ᠳᠠᠷᠠᠭ᠎ᠠ᠂ ᠠᠮᠢᠰᠬᠤᠯ ᠤᠨ ᠵᠠᠮ ᠢᠶᠠᠷ ᠳᠠᠮᠵᠢᠨ ᠬᠠᠯᠳᠠᠪᠤᠷᠢᠯᠠᠯ ᠡᠭᠦᠰᠦᠨ᠎ᠡ᠃ ᠡᠨᠡ ᠬᠦ ᠠᠷᠭ᠎ᠠ ᠪᠠᠷ ᠬᠠᠯᠳᠠᠪᠤᠷᠢᠯᠠᠭᠰᠠᠨ ᠨᠢ ᠭᠤᠣᠯᠳᠠᠭᠤ ᠠᠭᠤᠰᠬᠢᠨ ᠤ ᠬᠤᠯᠤᠭᠠᠨ᠎ᠠ ᠶᠢᠨ ᠬᠢᠵᠢᠭ ᠪᠣᠯᠤᠨ᠎ᠠ᠃ᠠᠰᠠᠭᠤᠯᠲᠠ ᠲᠠᠪᠤ᠄ ᠬᠤᠯᠤᠭᠠᠨ᠎ᠠ ᠬᠢᠵᠢᠭ ᠲᠤ ᠠᠮᠠᠡᠬᠠᠨ ᠬᠠᠯᠳᠠᠪᠤᠷᠢᠯᠠᠳᠠᠭ ᠨᠢ ᠠᠯᠢ ᠠᠯᠢ ᠬᠦᠮᠦᠨ ᠪᠣᠶ︖     ᠬᠥᠮᠦᠨ ᠬᠤᠯᠤᠭᠠᠨ᠎ᠠ ᠶᠢᠨ ᠬᠢᠵᠢᠭ ᠲᠤ ᠠᠮᠠᠷᠬᠠᠨ ᠬᠠᠯᠳᠠᠪᠤᠷᠢᠯᠠᠳᠠᠭ᠃ ᠬᠢᠵᠢᠭᠲᠦ ᠣᠷᠣᠨ ᠳᠤ ᠬᠡᠭᠡᠷ᠎ᠡ ᠭᠠᠳᠠᠨ᠎ᠠ ᠠᠵᠢᠯᠯᠠᠵᠤ ᠪᠠᠶᠢᠭ᠎ᠠ ᠬᠥᠮᠦᠨ ᠪᠤᠶᠤ ᠳᠠᠷᠪᠠᠭ᠎ᠠ ᠠᠩᠨᠠᠭᠴᠢ᠂ ᠮᠠᠯᠴᠢᠨ ᠤ ᠬᠢᠵᠢᠭ ᠬᠠᠯᠳᠠᠪᠤᠷᠢᠯᠠᠭᠰᠠᠨ ᠠᠮᠢᠲᠠᠨ ᠲᠠᠢ ᠣᠶᠢᠷᠠᠳᠬᠤ ᠪᠣᠯᠤᠮᠵᠢ ᠶᠡᠭᠡ ᠪᠠᠶᠢᠳᠠᠭ᠃ ᠬᠠᠯᠳᠠᠪᠤᠷᠢᠯᠠᠯ ᠤᠨ ᠪᠣᠯᠣᠯᠴᠠᠭᠠᠲᠤ ᠴᠢᠨᠠᠷ ᠨᠢ ᠡᠩ ᠤᠨ ᠬᠥᠮᠦᠰ ᠤᠨ ᠬᠢ ᠠᠴᠠ ᠥᠨᠳᠥᠷ ᠪᠠᠶ᠋ᠳᠠᠭ᠃ᠠᠰᠠᠭᠤᠯᠲᠠ ᠵᠢᠷᠭᠤᠭ᠎ᠠ᠄ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠭᠰᠠᠨ ᠤ ᠳᠠᠷᠠᠭ᠎ᠠ ᠶᠠᠮᠠᠷ ᠡᠪᠡᠳᠴᠢᠨ ᠤ ᠢᠯᠡᠷᠡᠯ ᠭᠠᠷᠳᠠᠭ ᠪᠣᠶ︖     ᠨᠡᠶᠢᠲᠡᠯᠢᠭ ᠰᠢᠨᠵᠢ ᠲᠡᠮᠳᠡᠭ ᠨᠢ ᠭᠡᠨᠡᠳᠲᠡ ᠬᠠᠯᠠᠭᠤᠷᠠᠬᠤ᠂ ᠳᠠᠭᠠᠷᠠᠳᠠᠰᠤ ᠬᠦᠷᠬᠦ᠂ ᠲᠣᠯᠣᠭᠠᠢ ᠡᠪᠡᠳᠬᠦ ᠪᠠ ᠪᠡᠶ᠎ᠡ ᠡᠪᠡᠳᠬᠦ᠂ ᠲᠠᠮᠢᠷᠳᠠᠬᠤ᠂ ᠳᠤᠷ᠎ᠠ ᠪᠤᠯᠭᠢᠬᠤ ᠪᠠ ᠪᠥᠭᠡᠯᠵᠢᠳᠡᠭ᠃ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠲᠤ ᠯᠢᠮᠹᠠ ᠶᠢᠨ ᠵᠠᠩᠭᠢᠯᠠᠭ᠎ᠠ ᠡᠪᠡᠳᠬᠦ ᠪᠠ ᠦᠷᠪᠢᠰᠦᠯ ᠡᠭᠦᠰᠦᠨ᠎ᠡ᠃ ᠠᠭᠤᠰᠬᠢᠨ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠭᠰᠠᠨ ᠤ ᠳᠠᠷᠠᠭ᠎ᠠ ᠮᠠᠰᠢ ᠲᠦᠷᠭᠡᠨ ᠡᠪᠡᠳᠴᠢᠨ ᠤ ᠰᠢᠨᠵᠢ ᠢᠯᠡᠷᠡᠨ᠎ᠡ ︵ᠵᠠᠷᠢᠮ ᠳᠠᠭᠠᠨ 24 ᠴᠠᠭ ᠤᠨ ᠳᠣᠲᠣᠷ᠎ᠠ︶᠃ ᠠᠮᠢᠰᠬᠤᠯ ᠣᠭᠵᠣᠮ ᠪᠣᠯᠬᠤ ᠪᠠ ᠬᠠᠨᠢᠶᠠᠬᠤ ᠵᠡᠷᠭᠡ ᠬᠦᠨᠳᠦ ᠨᠣᠴᠢᠲᠠᠢ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠠᠶᠢᠵᠤ᠂ ᠶᠡᠷᠦ ᠳᠡᠭᠡᠨ ᠴᠢᠰᠤ ᠲᠠᠢ ᠴᠡᠷ ᠳᠠᠭᠠᠯᠳᠤᠳᠠᠭ᠃ᠠᠰᠠᠭᠤᠯᠲᠠ ᠳᠣᠯᠤᠭ᠎ᠠ᠄ ᠪᠢᠳᠡ ᠥᠪᠡᠷ ᠢ ᠪᠠᠨ ᠬᠡᠷᠬᠢᠨ ᠬᠠᠮᠠᠭᠠᠯᠠᠬᠤ ᠪᠣᠶ︖     ᠬᠤᠯᠤᠭᠠᠨ᠎ᠠ ᠶᠢᠨ ᠬᠢᠵᠢᠭ ᠳᠡᠯᠭᠡᠷᠡᠬᠦ ᠠᠴᠠ ᠰᠡᠷᠭᠡᠶᠢᠯᠡᠬᠦ ᠶᠢᠨ ᠲᠥᠯᠥᠭᠡ᠂ ᠬᠠᠨᠢᠶᠠᠯᠭᠠᠭᠰᠠᠳ ᠯᠤᠭ᠎ᠠ ᠨᠢᠭᠲᠠ ᠣᠶᠢᠷᠠᠳᠬᠤ ︵2 ᠮᠧᠲᠷ ᠤᠨ ᠳᠣᠲᠣᠷ᠎ᠠ︶ ᠪᠥᠭᠡᠳ ᠬᠥᠮᠦᠨ ᠣᠯᠠᠨ ᠴᠤᠭᠯᠠᠷᠠᠬᠤ ᠭᠠᠵᠠᠷ ᠤᠨ ᠰᠠᠭᠠᠲᠠᠬᠤ ᠴᠠᠭ ᠢ ᠪᠠᠭᠠᠰᠬᠠᠨ᠎ᠠ᠃ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠣᠷᠣᠨ ᠳᠤ ᠦᠬᠦᠭᠰᠡᠨ ᠠᠮᠢᠲᠠᠨ ᠲᠠᠢ ᠣᠶᠢᠷᠠᠲᠤᠵᠤ ᠪᠣᠯᠬᠤ ᠦᠭᠡᠢ ᠪᠥᠭᠡᠳ ᠬᠤᠷᠣᠬᠠᠶ ᠬᠥᠭᠡᠭᠡᠬᠦ ᠡᠮ ᠢ ᠬᠡᠷᠡᠭᠯᠡᠨ᠎ᠡ᠃ᠠᠰᠠᠭᠤᠯᠲᠠ ᠨᠠᠢᠮᠠ᠄ ᠬᠡᠷᠪᠡ ᠪᠢ ᠥᠪᠡᠷ ᠢ ᠪᠠᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠭᠡᠵᠦ ᠰᠡᠵᠢᠭᠯᠡᠪᠡᠯ᠂ ᠶᠠᠭᠠᠬᠢᠪᠠᠯ ᠵᠣᠬᠢᠬᠤ ᠪᠤᠶ︖     ᠬᠡᠷᠪᠡ ᠭᠡᠨᠡᠳᠲᠡ ᠬᠠᠯᠠᠭᠤᠷᠠᠬᠤ᠂ ᠳᠠᠭᠠᠷᠠᠳᠠᠰᠤ ᠬᠦᠷᠬᠦ᠂ ᠯᠢᠮᠹᠠ ᠶᠢᠨ ᠵᠠᠩᠭᠢᠯᠠᠭ᠎ᠠ ᠬᠠᠪᠤᠳᠴᠤ ᠡᠪᠡᠳᠬᠦ ᠪᠤᠶᠤ ᠠᠮᠢᠰᠬᠤᠯ ᠬᠦᠴᠢᠷᠳᠡᠬᠦ᠂ ᠬᠠᠨᠢᠶᠠᠬᠤ ᠪᠠ ᠴᠢᠰᠤ ᠲᠠᠢ ᠴᠡᠷ ᠡᠭᠦᠰᠪᠡᠯ ᠳᠠᠷᠦ᠋ᠢᠬᠠᠨ ᠡᠮᠴᠢᠯᠡᠵᠦ ᠵᠠᠰᠠᠬᠤ ᠬᠡᠷᠡᠭᠲᠡᠶ ︵ᠬᠤᠯᠤᠭᠠᠨ᠎ᠠ ᠬᠢᠵᠢᠭ ᠳᠡᠯᠭᠡᠷᠡᠭᠰᠡᠨ ᠭᠠᠵᠠᠷ ᠣᠷᠣᠨ ᠳᠤ ᠵᠢᠭᠤᠯᠴᠢᠯᠠᠵᠤ ᠥᠩᠭᠡᠷᠡᠭᠰᠡᠨ ᠬᠥᠮᠦᠨ ᠡᠨᠡ ᠪᠠᠶᠢᠳᠠᠯ ᠢ ᠡᠮᠨᠡᠯᠭᠡ ᠶᠢᠨ ᠠᠵᠢᠯᠲᠠᠨ ᠳᠤ ᠬᠡᠯᠡᠵᠦ ᠥᠭᠬᠦ ᠬᠡᠷᠡᠭᠲᠡᠶ︶᠃ ᠡᠮᠨᠡᠯᠭᠡ ᠶᠢᠨ ᠠᠵᠢᠯᠲᠠᠨ ᠣᠨᠣᠰᠢᠯᠠᠭᠰᠠᠨ ᠦᠭᠡᠢ ᠪᠣᠯ ᠥᠪᠡᠷᠲᠡᠭᠡᠨ ᠡᠮ ᠬᠡᠷᠡᠭᠯᠡᠬᠦ ᠠᠴᠠ ᠵᠠᠶᠢᠯᠠᠰᠬᠢᠵᠦ᠂ ᠪᠠᠺᠲᠧᠷᠢ ᠶᠢ ᠡᠰᠡᠷᠭᠦᠴᠡᠬᠦ ᠡᠳ᠋ ᠢ ᠬᠡᠷᠡᠭᠯᠡᠬᠦ ᠶᠢ ᠪᠠᠭᠲᠠᠭᠠᠨ᠎ᠠ᠃ ᠠᠰᠠᠭᠤᠯᠲᠠ ᠶᠢᠰᠦ᠄ ᠬᠤᠯᠤᠭᠠᠨ᠎ᠠ ᠶᠢᠨ ᠬᠢᠵᠢᠭ ᠢ ᠬᠡᠷᠬᠢᠨ ᠣᠨᠣᠰᠢᠯᠠᠵᠤ ᠭᠠᠷᠭᠠᠭᠰᠠᠨ ᠪᠣᠶ︖     ᠡᠮᠨᠡᠯᠭᠡ ᠶᠢᠨ ᠠᠵᠢᠯᠲᠠᠨ ᠡᠪᠡᠳᠴᠢᠨ ᠤ ᠪᠠᠶᠢᠳᠠᠯ ᠢ ᠦᠨᠳᠦᠰᠦᠯᠡᠨ ᠣᠨᠣᠰᠢᠯᠠᠨ᠎ᠠ᠃ ᠴᠢᠰᠤᠨ ᠦᠯᠢᠭᠡᠷ᠂ ᠴᠡᠷ ︵ᠠᠭᠤᠰᠬᠢᠨ ᠠᠴᠠ ᠬᠠᠨᠢᠶᠠᠵᠤ ᠭᠠᠷᠭᠠᠭᠰᠠᠨ ᠰᠢᠩᠭᠡᠨ ᠪᠡᠶᠡᠲᠦ︶ ᠪᠤᠶᠤ ᠦᠷᠪᠢᠰᠦᠯ ᠤᠨ ᠴᠢᠨᠠᠷᠲᠠᠶ ᠯᠢᠮᠹᠠ ᠶᠢᠨ ᠪᠤᠯᠴᠢᠷᠬᠠᠶ ᠶᠢᠨ ᠢᠳᠡᠭᠡᠲᠦ ᠰᠢᠩᠭᠡᠨ ᠤ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠨ᠎ᠠ᠃ᠠᠰᠠᠭᠤᠯᠲᠠ ᠠᠷᠪᠠ᠄ ᠬᠤᠯᠤᠭᠠᠨ᠎ᠠ ᠶᠢᠨ ᠬᠢᠵᠢᠭ ᠢ ᠬᠡᠷᠬᠢᠨ ᠰᠡᠷᠭᠡᠶᠢᠯᠡᠬᠦ ᠪᠣᠶ︖     ᠡᠳᠦᠷ ᠲᠤᠲᠤᠮ ᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠨᠢ ᠭᠤᠣᠯᠳᠠᠭᠤ ᠬᠥᠮᠦᠨ ᠤ ᠬᠠᠯᠳᠠᠪᠤᠷᠢᠯᠠᠭᠳᠠᠭᠰᠠᠨ ᠨᠣᠬᠠᠢ ᠶᠢᠨ ᠪᠥᠭᠡᠰᠦᠨ ᠳᠤ ᠬᠠᠵᠠᠭᠳᠠᠬᠤ ᠪᠤᠶᠤ ᠠᠭᠤᠰᠬᠢᠨ ᠤ ᠬᠤᠯᠤᠭᠠᠨ᠎ᠠ ᠶᠢᠨ ᠬᠢᠵᠢᠭ ᠲᠤ ᠢᠯᠡᠷᠡᠬᠦ ᠪᠣᠯᠤᠯᠴᠠᠭ᠎ᠠ ᠶᠢ ᠠᠯᠢ ᠴᠢᠳᠠᠬᠤ ᠪᠠᠷ ᠪᠠᠭᠠᠰᠬᠠᠨ᠎ᠠ᠃     1 ᠬᠢᠵᠢᠭᠲᠦ ᠣᠷᠣᠨ ᠳᠤ ᠣᠴᠢᠵᠤ ᠵᠤᠭᠠᠴᠠᠬᠤ ᠪᠤᠶᠤ ᠬᠥᠳᠡᠯᠭᠡᠭᠡᠨ ᠬᠢᠬᠦ ᠠᠴᠠ ᠵᠠᠶᠢᠯᠠᠰᠬᠢᠨ᠎ᠡ᠂ ᠮᠡᠷᠡᠭᠴᠢ ᠠᠮᠢᠲᠠᠨ ︵ᠵᠢᠱᠢᠶᠡᠯᠡᠪᠡᠯ᠄ ᠬᠤᠯᠤᠭᠠᠨ᠎ᠠ ᠶᠢᠨ ᠲᠥᠷᠥᠯ᠂ ᠲᠠᠷᠪᠠᠭ᠎ᠠ︶︔     2 ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠲᠠᠢ ᠨᠢᠭᠲᠠ ᠣᠶᠢᠷᠠᠳᠬᠤ ᠠᠴᠠ ᠵᠠᠶᠢᠯᠠᠰᠬᠢᠨ᠎ᠡ᠃ ᠠᠭᠤᠰᠬᠢᠨ ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠵᠤ ᠮᠡᠳᠡᠬᠦ ᠡᠪᠡᠳᠴᠢᠲᠡᠨ ᠲᠠᠢ ᠬᠦᠷᠦᠯᠴᠡᠬᠦ ᠦᠶᠡᠰ᠂ ᠠᠯᠢ ᠴᠢᠳᠠᠬᠤ ᠪᠠᠷ ᠡᠪᠡᠳᠴᠢᠲᠡᠨ ᠲᠠᠢ 1 ᠮᠧᠲᠷ ᠠᠴᠠ ᠳᠡᠭᠡᠭᠰᠢ ᠬᠦᠷᠦᠯᠴᠡᠬᠦ ᠵᠠᠶ ᠲᠠᠢ ᠪᠠᠶᠢᠬᠤ ᠬᠡᠷᠡᠭᠲᠡᠶ᠃ ᠪᠠᠰᠠ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠨ᠎ᠠ᠃     3 ᠨᠣᠬᠠᠢ ᠶᠢᠨ ᠪᠥᠭᠡᠰᠦ ᠬᠠᠵᠠᠬᠤ ᠠᠴᠠ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠬᠤᠷᠣᠬᠠᠶ ᠬᠥᠭᠡᠭᠡᠬᠦ ᠡᠮ ᠬᠡᠷᠡᠭᠯᠡᠨ᠎ᠡ᠂ ᠦᠷᠭᠦᠯᠵᠢ ᠬᠡᠷᠡᠭᠯᠡᠬᠦ ᠪᠠᠲᠠᠭᠠᠨ᠎ᠠ ᠬᠥᠭᠡᠭᠡᠬᠦ ᠡᠮ ᠨᠢ ᠶᠡᠷᠦ ᠳᠡᠭᠡᠨ ᠪᠦᠷ ᠨᠣᠬᠠᠢ ᠶᠢᠨ ᠪᠥᠭᠡᠰᠦ ᠶᠢ ᠬᠥᠭᠡᠭᠡᠵᠦ ᠭᠠᠷᠭᠠᠳᠠᠭ︔     4. ᠬᠡᠷᠪᠡ ᠬᠢᠵᠢᠭᠲᠦ ᠣᠷᠣᠨ ᠳᠤ ᠣᠴᠢᠵᠤ ᠥᠩᠭᠡᠷᠡᠭᠰᠡᠨ ᠪᠣᠯ ᠪᠡᠶ᠎ᠡ ᠶᠢᠨ ᠳᠤᠯᠠᠭᠠᠨ ᠢᠶᠠᠨ 2 ᠭᠠᠷᠠᠭ ᠦᠷᠭᠦᠯᠵᠢᠯᠡᠨ ᠬᠡᠮᠵᠢᠪᠡᠯ ᠵᠣᠬᠢᠨ᠎ᠠ᠃ ᠬᠡᠷᠪᠡ ᠭᠡᠨᠡᠳᠲᠡ ᠬᠠᠯᠠᠭᠤᠷᠠᠬᠤ᠂ ᠳᠠᠭᠠᠷᠠᠳᠠᠰᠤ ᠬᠦᠷᠬᠦ᠂ ᠯᠢᠮᠹᠠ ᠶᠢᠨ ᠵᠠᠩᠭᠢᠯᠠᠭ᠎ᠠ ᠡᠪᠡᠳᠬᠦ᠂ ᠬᠠᠨᠢᠶᠠᠬᠤ᠂ ᠴᠢᠰᠤ ᠪᠠᠷ ᠬᠠᠨᠢᠶᠠᠬᠤ ᠪᠤᠶᠤ ᠴᠢᠰᠤ ᠭᠠᠷᠬᠤ ᠵᠡᠷᠭᠡ ᠳᠤᠷ᠎ᠠ ᠶᠢᠨ ᠨᠢᠭᠡ ᠡᠪᠡᠳᠴᠢᠨ ᠤ ᠢᠯᠡᠷᠡᠯ ᠭᠠᠷᠪᠠᠯ᠂ ᠳᠠᠷᠤᠶ ᠲᠦᠷᠭᠡᠨ ᠡᠮᠨᠡᠭᠦᠯᠬᠦ ᠪᠥᠭᠡᠳ ᠡᠮᠴᠢ ᠶᠢᠨ ᠬᠢᠵᠢᠭᠲᠦ ᠣᠷᠣᠨ ᠳᠤ ᠵᠢᠭᠤᠯᠴᠢᠯᠠᠭᠰᠠᠨ ᠲᠡᠤᠬᠡ ᠶᠢ ᠮᠡᠳᠡᠭᠳᠡᠬᠦ ᠬᠡᠷᠡᠭᠲᠡᠶ᠃ ᠡᠬᠢᠨ ᠤ ᠬᠤᠭᠤᠴᠠᠭᠠᠨ ᠳᠤ ᠨᠢᠶᠠᠨ ᠳᠠᠷᠤᠭᠴᠢ ᠶᠢ ᠡᠮᠨᠡᠨ ᠵᠠᠰᠠᠬᠤ ᠦᠷ᠎ᠡ ᠳ᠋ᠦᠩ ᠨᠢ ᠨᠡᠯᠢᠶᠡᠳ ᠰᠠᠶᠢᠨ ᠪᠠᠶᠢᠪᠠ᠃     5 ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠲᠠᠢ ᠨᠢᠭᠲᠠ ᠣᠶᠢᠷᠠᠳᠬᠤ ᠬᠥᠮᠦᠰ ᠡᠮ ᠬᠡᠷᠡᠭᠯᠡᠬᠦ ᠶᠢ ᠡᠷᠲᠡᠬᠡᠨ ᠰᠡᠷᠭᠡᠶᠢᠯᠡᠬᠦ ᠬᠡᠷᠡᠭᠲᠡᠢ᠃ ᠬᠦᠬᠦᠷᠯᠢᠭ ᠠᠮᠢᠨ ᠤ ᠡᠮ ᠬᠡᠷᠡᠭᠯᠡᠵᠦ ᠪᠣᠯᠤᠨ᠎ᠠ᠂ ᠨᠠᠰᠤᠨ ᠳᠤ ᠬᠦᠷᠦᠭᠰᠡᠳ ᠠᠩᠬ᠎ᠠ ᠤᠳᠠᠭ᠎ᠠ 2 ᠭᠷᠠᠮ ᠬᠡᠷᠡᠭᠯᠡᠨ᠎ᠡ᠃ ᠰᠡᠭᠦᠯ ᠤᠨ 4-6 ᠴᠠᠭ ᠲᠤ 1 ᠭᠷᠠᠮ ᠤᠤᠭᠤᠨ᠎ᠠ᠂ ᠶᠡᠷᠦ ᠳᠡᠭᠡᠨ ᠵᠠᠯᠭᠠᠭ᠎ᠠ ᠪᠠᠷ 5 ᠡᠳᠦᠷ ᠤᠤᠭᠤᠨ᠎ᠠ᠃ᠠᠰᠠᠭᠤᠯᠲᠠ ᠠᠷᠪᠠᠨ ᠨᠢᠭᠡ᠄ ᠬᠤᠯᠤᠭᠠᠨ᠎ᠠ ᠶᠢᠨ ᠬᠢᠵᠢᠭ ᠢ ᠬᠡᠷᠬᠢᠨ ᠵᠠᠰᠠᠪᠠᠯ ᠵᠣᠬᠢᠬᠤ ᠪᠤᠶ︖     ᠴᠠᠭ ᠲᠤᠬᠠᠢ ᠳᠤᠨᠢ ᠨᠢᠶᠠᠨ ᠳᠠᠷᠤᠭᠴᠢ ᠶᠢ ᠡᠮᠨᠡᠨ ᠵᠠᠰᠠᠪᠠᠯ ᠬᠤᠯᠤᠭᠠᠨ᠎ᠠ ᠶᠢᠨ ᠬᠢᠵᠢᠭ ᠤᠨ ᠦᠬᠦᠬᠦ ᠨᠤᠷᠮ᠎ᠠ ᠶᠢ ᠪᠠᠭᠤᠷᠠᠭᠤᠯᠤᠨ᠎ᠠ᠃ ᠬᠡᠷᠪᠡ ᠡᠷᠲᠡ ᠡᠮᠨᠡᠭᠦᠯᠪᠡᠯ ᠣᠯᠠᠩᠬᠢ ᠨᠢ ᠡᠳᠡᠭᠡᠷᠡᠵᠦ ᠪᠣᠯᠤᠨ᠎ᠠ᠃ ᠬᠤᠯᠤᠭᠠᠨ᠎ᠠ ᠬᠢᠵᠢᠭ ᠳᠡᠯᠭᠡᠷᠡᠭᠰᠡᠨ ᠭᠠᠵᠠᠷ ᠣᠷᠣᠨ ᠳᠤ᠂ ᠡᠪᠡᠳᠴᠢᠨ ᠤ ᠢᠯᠡᠷᠡᠯ ᠲᠠᠢ ᠡᠪᠡᠳᠴᠢᠲᠡᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠣᠨᠣᠰᠢᠯᠠᠬᠤ ᠪᠠ ᠡᠮᠨᠡᠨ ᠵᠠᠰᠠᠬᠤ ᠬᠡᠷᠡᠭᠲᠡᠶ᠃ ᠠᠭᠤᠰᠬᠢᠨ ᠬᠤᠯᠤᠭᠠᠨ᠎ᠠ ᠬᠢᠵᠢᠭ ᠲᠤ ᠨᠡᠷᠪᠡᠭᠳᠡᠭᠰᠡᠳ ᠢ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ ᠡᠮᠦᠰᠴᠦ ᠪᠣᠯᠪᠠᠰᠤᠷᠠᠯ ᠬᠦᠷᠲᠡᠭᠰᠡᠨ ᠡᠮᠨᠡᠯᠭᠡ ᠶᠢᠨ ᠠᠵᠢᠯᠲᠠᠨ ᠲᠤᠰᠠᠭᠠᠷᠯᠠᠬᠤ ᠪᠠ ᠡᠮᠨᠡᠨ ᠵᠠᠰᠠᠬᠤ ᠬᠡᠷᠡᠭᠲᠡᠶ᠃ᠠᠰᠠᠭᠤᠯᠲᠠ ᠠᠷᠪᠠᠨ ᠬᠤᠶᠠᠷ᠄ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠭᠠᠵᠠᠷ ᠣᠷᠣᠨ ᠳᠤ ᠠᠮᠠᠪᠴᠢ ᠵᠡᠭᠦᠵᠦ ᠥᠪᠡᠷ ᠢ ᠪᠠᠨ ᠬᠠᠮᠠᠭᠠᠯᠠᠬᠤ ᠨᠢ ᠦᠷ᠎ᠡ ᠪᠦᠲᠦᠮᠵᠢ ᠲᠠᠢ ᠦᠦ︖     ᠡᠨᠡ ᠨᠢ ᠡᠪᠡᠳᠴᠢᠲᠡᠨ ᠲᠠᠢ ᠬᠦᠷᠦᠯᠴᠡᠬᠦ ᠬᠡᠮᠵᠢᠶ᠎ᠡ ᠪᠠᠷ ᠰᠢᠢᠳᠪᠦᠷᠢᠯᠡᠭᠳᠡᠨ᠎ᠡ᠃ ᠬᠢᠵᠢᠭ ᠤᠨ ᠪᠠᠶᠢᠳᠠᠯ ᠤᠨ ᠨᠡᠶᠢᠭᠡᠮ ᠲᠣᠭᠤᠷᠢᠭ ᠲᠤ ᠠᠮᠢᠳᠤᠷᠠᠵᠤ ᠪᠠᠶᠢᠭ᠎ᠠ ᠬᠥᠮᠦᠰ ᠬᠤᠪᠢ ᠬᠥᠮᠦᠨ ᠤ ᠬᠦᠰᠡᠯ ᠡᠷᠡᠮᠡᠯᠵᠡᠯ ᠢᠶᠠᠨ ᠦᠨᠳᠦᠰᠦᠯᠡᠨ ᠠᠮᠠᠪᠴᠢ ᠵᠡᠭᠦᠵᠦ ᠪᠣᠯᠤᠨ᠎ᠠ᠃ ᠭᠡᠪᠡᠴᠦ ᠠᠮᠠᠪᠴᠢ ᠶᠢ ᠡᠷᠬᠡᠪᠰᠢ ᠲᠣᠬᠢᠲᠠᠢ ᠬᠡᠷᠡᠭᠯᠡᠬᠦ ᠪᠠ ᠰᠢᠢᠳᠪᠦᠷᠢᠯᠡᠵᠦ᠂ ᠠᠮᠠᠪᠴᠢ ᠶᠢ ᠬᠡᠷᠡᠭᠯᠡᠬᠦ ᠪᠠ ᠰᠢᠢᠳᠪᠦᠷᠢᠯᠡᠬᠦ ᠨᠢ ᠵᠣᠬᠢᠰ ᠦᠭᠡᠢ ᠠᠴᠠ ᠪᠣᠯᠵᠤ ᠥᠪᠡᠷ ᠢ ᠪᠠᠨ ᠬᠠᠯᠳᠠᠪᠤᠷᠢᠯᠠᠯ ᠤᠨ ᠡᠬᠢ ᠰᠤᠷᠪᠤᠯᠵᠢ ᠪᠣᠯᠭᠠᠬᠤ ᠠᠴᠠ ᠵᠠᠶᠢᠯᠠᠰᠬᠢᠬᠦ ᠬᠡᠷᠡᠭᠲᠡᠢ᠃ ᠡᠪᠡᠳᠴᠢᠲᠡᠨ ︵ᠬᠥᠭᠡᠰᠦᠷᠡᠯ ᠤᠨ ᠲᠠᠷᠬᠠᠯᠲᠠ ᠶᠢ ᠪᠠᠭᠠᠰᠬᠠᠬᠤ ︶ ᠪᠠ ᠡᠮᠴᠢ ᠰᠤᠪᠢᠯᠠᠭᠴᠢ ︵ᠥᠪᠡᠷ ᠢ ᠪᠠᠨ ᠬᠠᠮᠠᠭᠠᠯᠠᠬᠤ︶ ᠠᠮᠠᠪᠴᠢ ᠶᠢ ᠵᠥᠪ ᠬᠡᠷᠡᠭᠯᠡᠨ᠎ᠡ᠃ ᠠᠭᠤᠰᠬᠢᠨ ᠬᠤᠯᠤᠭᠠᠨ᠎ᠠ ᠶᠢᠨ ᠬᠢᠵᠢᠭ ᠳᠡᠯᠭᠡᠷᠡᠬᠦ ᠶᠢ ᠪᠠᠭᠠᠰᠬᠠᠬᠤ ᠳᠤ ᠲᠤᠰᠠᠲᠠᠶ᠃ᠬᠤᠯᠪᠣᠭᠳᠠᠯ ᠪᠥᠬᠦᠶ ᠠᠬᠤᠶ ᠪᠠᠶᠢᠳᠠᠯ᠄    ᠲᠡᠤᠬᠡᠨ ᠳᠡᠭᠡᠷᠡᠬᠢ ᠬᠤᠯᠤᠭᠠᠨ᠎ᠠ ᠶᠢᠨ ᠬᠢᠵᠢᠭ     19 ᠳ᠋ᠦᠭᠡᠷ ᠵᠠᠭᠤᠨ ᠤ ᠰᠡᠭᠦᠯᠴᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠵᠤ᠂ ᠮᠠᠨ ᠤ ᠤᠯᠤᠰ ᠲᠤ ᠬᠤᠯᠤᠭᠠᠨ᠎ᠠ ᠶᠢᠨ ᠬᠢᠵᠢᠭ 6 ᠤᠳᠠᠭ᠎ᠠ ᠶᠡᠭᠡ ᠪᠠᠷ ᠳᠡᠯᠭᠡᠷᠡᠭᠰᠡᠨ ᠪᠠᠶᠢᠨ᠎ᠠ᠃     ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠨᠡᠶᠢᠲᠡ ᠭᠤᠷᠪᠠᠨ ᠤᠳᠠᠭᠠᠨ ᠤ ᠬᠤᠯᠤᠭᠠᠨ᠎ᠠ ᠶᠢᠨ ᠬᠢᠵᠢᠭ ᠶᠡᠭᠡ ᠪᠠᠷ ᠳᠡᠯᠬᠡᠷᠡᠵᠦ ᠥᠩᠭᠡᠷᠡᠭᠡᠵᠡᠶ᠃     ᠨᠢᠭᠡᠳᠦᠭᠡᠷ ᠤᠳᠠᠭᠠᠨ ᠤ ᠬᠤᠯᠤᠭᠠᠨ᠎ᠠ ᠶᠢᠨ ᠬᠢᠵᠢᠭ ᠶᠡᠭᠡ ᠪᠠᠷ ᠳᠠᠯᠭᠡᠷᠡᠭᠰᠡᠨ ᠬᠤᠭᠤᠴᠠᠭ᠎ᠠ ᠨᠢ 6 ᠳ᠋ᠤᠭᠠᠷ ᠵᠠᠭᠤᠨ ᠤ ᠳᠤᠮᠳᠠᠴᠢ ᠠᠴᠠ ᠡᠬᠢᠯᠡᠨ 8 ᠳ᠋ᠤᠭᠠᠷ ᠵᠠᠭᠤᠨ ᠪᠣᠯᠵᠤ ᠠᠷᠢᠯᠪᠠ᠃ ᠧᠦ᠋ᠷᠣᠫᠠ ᠠᠽᠢᠶ᠎ᠠ ᠳᠤ ᠳ᠋ᠦᠩᠰᠢᠭᠤᠷ ᠭᠠᠷᠤᠶ ᠠᠮᠢ ᠨᠠᠰᠤ ᠶᠢ ᠪᠤᠯᠢᠶᠠᠨ ᠠᠪᠴᠠᠶ᠃     ᠬᠤᠶᠠᠳᠤᠭᠠᠷ ᠤᠳᠠᠭᠠᠨ ᠤ ᠬᠤᠯᠤᠭᠠᠨ᠎ᠠ ᠶᠢᠨ ᠬᠢᠵᠢᠭ ᠨᠢ 14 ᠳ᠋ᠦᠭᠡᠷ ᠵᠠᠭᠤᠨ ᠤ ᠳᠤᠮᠳᠠᠴᠢ ᠠᠴᠠ ᠡᠬᠢᠯᠡᠵᠦ᠂ ᠤᠷᠢᠳ ᠬᠤᠵᠢᠳ 300 ᠵᠢᠯ ᠤᠨ ᠲᠤᠷᠰᠢ᠂ ᠧᠦ᠋ᠷᠣᠫᠠ ᠲᠢᠪ ᠤᠨ ᠡᠬᠡ ᠬᠠᠭᠤᠷᠠᠶ ᠶᠢᠨ ᠭᠤᠷᠪᠠᠨ ᠤ ᠨᠢᠭᠡ ᠠᠴᠠ ᠬᠠᠭᠠᠰ ᠤᠨ ᠬᠥᠮᠦᠨ ᠠᠮᠠ ᠶᠢ ᠠᠯᠳᠠᠵᠠᠶ᠃     19 ᠳ᠋ᠦᠭᠡᠷ ᠵᠠᠭᠤᠨ ᠤ ᠳᠣᠣᠷ᠎ᠠ ᠬᠠᠭᠠᠰ ᠦᠶ᠎ᠡ ᠠᠴᠠ ᠡᠬᠢᠯᠡᠨ ᠭᠤᠷᠪᠠᠳᠤᠭᠠᠷ ᠤᠳᠠᠭᠠᠨ ᠤ ᠬᠤᠯᠤᠭᠠᠨ᠎ᠠ ᠶᠢᠨ ᠬᠢᠵᠢᠭ ᠶᠡᠭᠡ ᠪᠠᠷ ᠳᠡᠯᠭᠡᠷᠡᠵᠦ᠂ ᠶᠦᠨᠨᠠᠨ᠂ ᠪᠤᠮᠪᠸᠢᠢ ᠠᠴᠠ ᠡᠬᠢᠯᠡᠨ᠂ ᠬᠠᠮᠤᠭ ᠰᠡᠭᠦᠯ ᠳᠤ ᠤᠮᠠᠷᠠᠲᠤ ᠮᠠᠨᠵᠤ ᠳᠤ ᠴᠤᠭᠯᠠᠷᠠᠵᠤ᠂ ᠲᠩᠷᠢ ᠭᠠᠵᠠᠷ ᠢ ᠳᠣᠩᠰᠣᠯᠭᠠᠮ᠎ᠠ ᠳᠡᠯᠪᠡᠷᠡᠯᠲᠡ ᠡᠭᠦᠰᠴᠡᠶ᠃ ᠰᠡᠭᠦᠯᠡᠷ ᠨᠢ ᠱᠠᠨ ᠰᠢ ᠶᠢᠨ ᠬᠤᠯᠤᠭᠠᠨ᠎ᠠ ᠶᠢᠨ ᠬᠢᠵᠢᠭ᠂ ᠵᠡᠭᠦᠨ ᠬᠤᠶᠢᠲᠤ ᠣᠷᠣᠨ ᠤ ᠬᠤᠯᠤᠭᠠᠨ᠎ᠠ ᠶᠢᠨ ᠬᠢᠵᠢᠭ᠂ ᠵᠢᠴᠢ ᠧᠦ᠋ᠷᠣᠫᠠ ᠠᠽᠢᠶ᠎ᠠ ᠠᠹᠷᠢᠺᠠ ᠶᠢᠨ ᠪᠤᠰᠤᠳ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ 20 ᠳ᠋ᠤᠭᠠᠷ ᠵᠠᠭᠤᠨ ᠤ ᠭᠤᠴᠢᠭᠠᠳ ᠣᠨ ᠠᠴᠠ ᠬᠤᠶᠢᠰᠢ ᠰᠠᠶ᠋ᠢ ᠰᠤᠷᠠᠭ ᠴᠢᠮᠡᠭᠡ ᠦᠭᠡᠢ ᠪᠣᠯᠪᠠ᠃ ᠪᠦᠬᠦ ᠪᠥᠮᠪᠥᠷᠴᠡᠭ ᠲᠤ ᠬᠤᠯᠤᠭᠠᠨ᠎ᠠ ᠶᠢᠨ ᠬᠢᠵᠢᠭ ᠲᠤ ᠤᠷᠢᠳ ᠬᠤᠵᠢᠳ ᠬᠡᠳᠦᠨ ᠮᠢᠩᠭᠠᠨ ᠲᠦᠮᠡᠨ ᠬᠥᠮᠦᠨ ᠦᠬᠦᠵᠡᠢ᠃     ᠥᠨᠥᠳᠦᠷ ᠪᠣᠯᠲᠠᠯ᠎ᠠ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠰᠠᠭᠤᠷᠢᠨ ᠳᠡᠭᠡᠷ᠎ᠡ᠂ ᠪᠥᠬᠦ ᠪᠥᠮᠪᠥᠷᠴᠡᠭ ᠤᠨ ᠵᠣᠩᠬᠢᠯᠠᠬᠤ ᠣᠯᠠᠨ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠪᠦᠲᠦᠮᠵᠢᠲᠡᠶ ᠬᠢᠨᠠᠨ ᠬᠡᠮᠵᠢᠯᠲᠡ ᠬᠢᠵᠠᠭᠠᠷᠯᠠᠭᠳᠠᠪᠠ᠃ 2017 ᠣᠨ ᠤ 8 ᠰᠠᠷ᠎ᠠ ᠠᠴᠠ ᠨᠠᠰᠢᠬᠢ ᠨᠢᠭᠡ ᠤᠳᠠᠭᠠᠨ ᠤ ᠬᠤᠯᠤᠭᠠᠨ᠎ᠠ ᠶᠢᠨ ᠬᠢᠵᠢᠭ ᠨᠢ ᠬᠠᠷᠢᠨ ᠡᠨᠡᠳᠬᠡᠭ ᠲᠠᠯᠠᠢ ᠶᠢᠨ ᠠᠷᠠᠯᠲᠤ ᠤᠯᠤᠰ ᠪᠣᠯᠬᠤ ᠮᠠᠳᠠᠭᠠᠰᠺᠠᠷ ᠤᠯᠠᠮ ᠠᠴᠠ ᠤᠯᠠᠮ ᠤᠯᠠᠨ ᠠᠮᠢ ᠨᠠᠰᠤ ᠶᠢ ᠵᠠᠯᠭᠢᠵᠤ ᠪᠠᠶᠢᠨ᠎ᠠ᠃ 10 ᠰᠠᠷ᠎ᠠ ᠶᠢᠨ 24 ᠤ ᠡᠳᠦᠷ ᠪᠣᠯᠲᠠᠯ᠎ᠠ᠂ ᠮᠠᠳᠠᠭᠠᠰᠺᠠᠷ ᠨᠡᠶᠢᠲᠡ 1309 ᠬᠤᠯᠤᠭᠠᠨ᠎ᠠ ᠶᠢᠨ ᠬᠢᠵᠢᠭ ᠤᠨ ᠰᠡᠵᠢᠭ ᠲᠠᠢ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠡᠭᠦᠨ ᠳᠤ 93 ᠬᠥᠮᠦᠨ ᠨᠢ ᠥᠭᠦᠵᠡᠶ᠂ ᠬᠢᠵᠢᠭ ᠤᠨ ᠪᠠᠶᠢᠳᠠᠯ ᠬᠤᠷᠢᠭᠯᠠᠭᠳᠠᠭᠰᠠᠨ ᠦᠭᠡᠶ᠂ ᠬᠠᠯᠳᠠᠪᠤᠷᠢᠯᠠᠬᠤ ᠲᠦᠭᠰᠢᠭᠦᠷᠢ ᠳᠡᠭᠡᠭᠰᠢᠯᠡᠬᠦ ᠠᠴᠠ ᠲᠦᠢᠯ ᠤᠨ ᠥᠨᠳᠥᠷ ᠪᠣᠯᠵᠠᠶ᠃     ᠮᠠᠨ ᠤ ᠤᠯᠤᠰ ᠪᠣᠯ ᠪᠠᠰᠠ ᠬᠤᠯᠤᠭᠠᠨ᠎ᠠ ᠶᠢᠨ ᠬᠢᠵᠢᠭ ᠲᠤ ᠭᠦᠨ ᠨᠥᠯᠥᠭᠡᠯᠡᠭᠳᠡᠭᠰᠡᠨ ᠤᠯᠤᠰ ᠤᠨ ᠨᠢᠭᠡ ᠪᠣᠯᠤᠨ᠎ᠠ᠃ 19 ᠳ᠋ᠦᠭᠡᠷ ᠵᠠᠭᠤᠨ ᠤ ᠰᠡᠭᠦᠯᠴᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠵᠤ᠂ ᠮᠠᠨ ᠤ ᠤᠯᠤᠰ ᠲᠤ 6 ᠤᠳᠠᠭ᠎ᠠ ᠶᠢᠨ ᠶᠡᠭᠡ ᠳᠡᠯᠭᠡᠷᠡᠯᠲᠡ ᠡᠭᠦᠰᠴᠦ᠂ 20 ᠭᠠᠷᠤᠶ ᠮᠣᠵᠢ ︵ᠣᠷᠣᠨ︶ ᠶᠢ ᠬᠠᠮᠤᠷᠴᠤ᠂ 115 ᠲᠦᠮᠡᠨ ᠬᠥᠮᠦᠨ ᠡᠪᠡᠳᠴᠢᠯᠡᠵᠦ᠂ ᠪᠠᠷᠤᠭ 100 ᠲᠦᠮᠡᠨ ᠬᠥᠮᠦᠨ ᠥᠭᠦᠵᠡᠶ᠃
   ᠰᠢᠨ᠎ᠡ ᠳᠤᠮᠳᠠᠳᠤ
ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠬᠤᠯᠤᠭᠠᠨ᠎ᠠ ᠶᠢᠨ ᠬᠢᠵᠢᠭ ᠪᠦᠲᠦᠮᠵᠢᠲᠡᠶ ᠬᠢᠵᠠᠭᠠᠷᠯᠠᠭᠳᠠᠵᠤ᠂ ᠭᠡᠪᠡᠴᠦ ᠮᠠᠨ ᠤ ᠤᠯᠤᠰ ᠣᠳᠣᠬᠠᠨ ᠳᠤ ᠣᠯᠠᠨ ᠮᠤᠵᠢ ᠣᠷᠣᠨ ᠳᠤ ᠮᠥᠨ ᠯᠡ ᠠᠳᠠᠯᠢ ᠪᠤᠰᠤ ᠲᠥᠷᠥᠯ ᠤᠨ ᠬᠤᠯᠤᠭᠠᠨ᠎ᠠ ᠬᠢᠵᠢᠭ ᠤᠨ ᠪᠠᠶᠢᠭᠠᠯᠢ ᠶᠢᠨ ᠬᠢᠵᠢᠭ ᠤᠨ ᠭᠤᠯᠤᠮᠲᠠ ᠣᠷᠣᠰᠢᠵᠤ ᠪᠠᠶᠢᠬᠤ ᠪᠣᠯᠬᠤᠷ ᠣᠶᠢᠷ᠎ᠠ ᠶᠢᠨ ᠬᠡᠳᠦᠨ ᠵᠢᠯ ᠳᠤ ᠡᠪᠡᠳᠴᠢᠨ ᠤ ᠵᠢᠱᠢᠶ᠎ᠡ ᠨᠡᠶᠢᠳᠡᠮ ᠭᠠᠷᠴᠤ ᠪᠤᠶ᠃ ᠡᠶᠢᠮᠦ ᠠᠴᠠ᠂ ᠮᠠᠨ ᠤ ᠤᠯᠤᠰ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠤ ᠶᠡᠷᠦ ᠰᠤᠯᠠᠷᠠᠭᠤᠯᠤᠭᠰᠠᠨ ᠥᠬᠡᠶ ᠶᠤᠮ᠃    ᠡᠭᠦᠨ ᠠᠴᠠ ᠭᠠᠳᠠᠨ᠎ᠠ ︽ᠪᠦᠬᠦ ᠤᠯᠤᠰ ᠠᠴᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ︿12.5﹀ ᠶᠢᠨ ᠲᠥᠯᠥᠪᠵᠢᠭᠦᠯᠪᠡ ︵2010 --2015 ᠤᠨ︶︾ ᠶᠢ ᠦᠨᠳᠦᠰᠦᠯᠡᠨ᠂ ᠮᠠᠨ ᠤ ᠤᠯᠤᠰ ᠠᠴᠠ ᠬᠥᠮᠦᠨ ᠤ ᠶᠢᠷᠲᠢᠨᠴᠦ ᠪᠠ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠦᠷᠭᠦᠯᠵᠢᠯᠡᠨ ᠣᠷᠣᠰᠢᠵᠤ᠂ ᠲᠣᠮᠣ ᠳᠤᠮᠳᠠ ᠬᠤᠲᠠ ᠪᠣᠯᠤᠨ ᠣᠯᠠᠨ ᠲᠦᠮᠡᠨ ᠴᠤᠭᠯᠠᠷᠠᠭᠰᠠᠨ ᠭᠠᠵᠠᠷ ᠤᠨ ᠡᠷᠭᠢᠨ ᠲᠣᠭᠤᠷᠢᠨ ᠤ ᠭᠠᠵᠠᠷ ᠣᠷᠣᠨ ᠤ ᠠᠮᠢᠲᠠᠨ ᠤ ᠬᠤᠯᠤᠭᠠᠨ᠎ᠠ ᠬᠢᠵᠢᠭ ᠤᠨ ᠪᠠᠶᠢᠳᠠᠯ ᠢ ᠲᠠᠰᠤᠷᠠᠯᠲᠠ ᠤᠢᠭᠡᠢ ᠬᠢᠨᠠᠨ ᠬᠡᠮᠵᠢᠵᠦ ᠣᠯᠤᠭᠠᠳ᠂ ᠣᠶᠢᠷ᠎ᠠ ᠶᠢᠨ ᠵᠢᠯ ᠤᠨ ᠲᠤᠷᠰᠢ᠂ ᠵᠢᠯ ᠪᠦᠷᠢ 1-2 ᠤᠳᠠᠭ᠎ᠠ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠡᠭᠦᠰᠴᠦ᠂ ᠬᠡᠳᠦᠨ ᠠᠷᠪᠠᠨ ᠤᠳᠠᠭ᠎ᠠ ᠠᠮᠢᠲᠠᠨ ᠤ ᠬᠤᠯᠤᠭᠠᠨ᠎ᠠ ᠶᠢᠨ ᠬᠢᠵᠢᠭ ᠡᠭᠦᠰᠳᠡᠭ᠃     2009 ᠣᠨ ᠠᠴᠠ 2018 ᠤᠨ ᠪᠣᠯᠲᠠᠯ᠎ᠠ᠂ ᠪᠦᠬᠦ ᠤᠯᠤᠰ ᠠᠴᠠ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠢ ᠲᠥᠷᠥᠯ ᠵᠦᠶ᠋ᠯ ᠢᠶᠠᠷ ᠨᠢ ᠪᠦᠷᠢᠳᠬᠡᠨ᠂     2018 ᠣᠨ ᠳᠤ᠂ ᠡᠪᠡᠳᠴᠢᠯᠡᠬᠦ ᠲᠤᠭ᠎ᠠ ᠨᠢ 0᠂ ᠥᠭᠦᠬᠦ ᠲᠤᠭ᠎ᠠ ᠨᠢ 0᠃     2017 ᠣᠨ ᠳᠤ᠂ ᠡᠪᠡᠳᠴᠢᠯᠡᠭᠰᠡᠨ ᠲᠤᠭ᠎ᠠ ᠨᠢ 1᠂ ᠥᠭᠦᠭᠰᠡᠨ ᠲᠤᠭ᠎ᠠ ᠨᠢ 1᠃     2016 ᠣᠨ ᠳᠤ᠂ ᠡᠪᠡᠳᠴᠢᠨ ᠣᠯᠤᠭᠰᠠᠨ ᠲᠤᠭ᠎ᠠ ᠨᠢ 1᠂ ᠥᠭᠦᠭᠰᠡᠨ ᠲᠤᠭ᠎ᠠ ᠨᠢ 0 ᠪᠣᠯᠤᠨ᠎ᠠ᠃     2015 ᠣᠨ ᠳᠤ᠂ ᠡᠪᠡᠳᠴᠢᠯᠡᠭᠡᠳ 0᠂ ᠥᠭᠦᠭᠰᠡᠳ 0 ᠪᠠᠶᠢᠪᠠ᠃     2014 ᠣᠨ ᠳᠤ 3᠂ 3 ᠬᠥᠮᠦᠨ ᠥᠭᠦᠵᠡᠶ᠃     2013 ᠣᠨ ᠳᠤ ᠡᠪᠡᠳᠴᠢᠯᠡᠭᠰᠡᠨ ᠲᠤᠭ᠎ᠠ ᠨᠢ 0᠂ ᠦᠬᠦᠭᠰᠡᠨ ᠲᠤᠭ᠎ᠠ ᠨᠢ 0᠃     2012 ᠣᠨ ᠳᠤ ᠡᠪᠡᠳᠴᠢᠯᠡᠭᠰᠡᠨ ᠲᠤᠭ᠎ᠠ 1᠂ ᠦᠬᠦᠭᠰᠡᠨ ᠲᠤᠭ᠎ᠠ 1 ᠪᠤᠢ᠃     2011 ᠣᠨ ᠳᠤ᠂ ᠡᠪᠡᠳᠴᠢᠯᠡᠭᠰᠡᠨ ᠲᠤᠭ᠎ᠠ ᠨᠢ 1᠂ ᠥᠭᠦᠭᠰᠡᠨ ᠲᠤᠭ᠎ᠠ ᠨᠢ 1᠃     2010 ᠣᠨ ᠳᠤ ᠡᠪᠡᠳᠴᠢᠯᠡᠭᠰᠡᠨ ᠲᠤᠭ᠎ᠠ 7᠂ ᠦᠬᠦᠭᠰᠡᠨ ᠲᠤᠭ᠎ᠠ 2᠃     2009 ᠣᠨ ᠳᠤ ᠡᠪᠡᠳᠴᠢᠯᠡᠭᠰᠡᠨ ᠲᠤᠭ᠎ᠠ 12᠂ ᠦᠬᠦᠭᠰᠡᠨ ᠲᠤᠭ᠎ᠠ 3᠃     ᠲᠣᠰ ᠵᠣᠬᠢᠶᠠᠯ ᠤᠨ ᠬᠡᠰᠡᠭ ᠠᠭᠤᠯᠭ᠎ᠠ ᠶᠢᠨ ᠢᠷᠡᠯᠲᠡ᠄ ᠠᠮᠢ ᠨᠠᠰᠤᠨ ᠤ ᠴᠠᠭ ᠤᠨ ᠰᠣᠨᠢᠨ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠠᠯᠪᠠᠨ ᠰᠦᠯᠵᠢᠶ᠎ᠡ᠂ ᠳᠤᠮᠳᠠᠳᠤ ᠤᠯᠤᠰ ᠤᠨ ᠡᠪᠡᠳᠴᠢᠨ ᠡᠮᠭᠡᠨ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ
 
                                     
ᠨᠠᠶᠢᠷᠠᠭᠤᠯᠤᠭᠴᠢ ᠼᠦᠢ ᠵᠢᠶᠠᠨ
 
ᠢᠷᠡᠯᠲᠡ᠄ ᠵᠠᠯᠠᠨ ᠠᠢᠯ ᠤᠨ ᠰᠣᠨᠢᠨ ᠮᠡᠳᠡᠭᠡᠨ ᠦ ᠰᠦᠯᠵᠢᠶᠡᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号