ᠭᠧᠷᠮᠠᠠ ᠤᠯᠤᠰ ᠤᠨ ᠪᠧᠷᠯᠢᠨ ᠬᠤᠳᠠ ᠶᠢᠨ ᠵᠠᠰᠠᠭ ᠤᠨ ᠲᠢᠩᠬᠢᠮ ᠪᠠ ᠪᠠᠩᠬᠢ ᠶᠢᠨ ᠲᠢᠩᠬᠢᠮ ᠵᠡᠷᠭᠡ | ᠠᠵᠢᠯ ᠤᠨ ᠰᠠᠯᠠᠭ᠎ᠠ ᠳᠤ ᠠᠵᠢᠯᠳᠠᠨ ᠶᠡᠭᠡ ᠤᠯᠠᠨ ᠪᠠᠶᠢᠵᠤ᠂ ᠡᠪᠡᠳᠴᠢᠨ ᠬᠡᠮ ᠲᠠᠷᠬᠠᠬᠤ ᠠᠶᠤᠯ ᠲᠦᠭᠰᠢᠬᠦᠷᠢ ᠢᠶᠠᠷ | ᠨᠡᠯᠢᠶᠡᠳ ᠶᠡᠭᠡ ᠶᠤᠮ᠃ ᠭᠧᠷᠮᠠᠨ ᠤ ᠰᠤᠳᠤᠯᠭᠠᠳᠠᠳ ᠤᠨ ᠢᠯᠡᠷᠡᠬᠦᠯᠦᠭᠰᠡᠨ ᠢᠶᠠᠷ᠂ ᠬᠡᠷᠪᠡ ᠠᠵᠢᠯᠳᠠᠳ ᠭᠠᠷ ᠢᠶᠠᠨ | ᠪᠠᠶᠢᠩᠭᠤ ᠤᠬᠢᠶᠠᠬᠤ ᠳᠤ ᠬᠦᠷᠪᠡᠯ ᠬᠠᠯᠳᠠᠪᠤᠷᠢᠯᠠᠬᠤ ᠴᠢᠨᠠᠷᠳᠠᠢ ᠡᠪᠡᠳᠴᠢᠨ ᠤ ᠲᠠᠷᠬᠠᠬᠤ ᠶᠢ ᠪᠦᠳᠦᠮᠵᠢᠳᠠᠢ ᠪᠠᠷ | ᠰᠡᠷᠬᠡᠶᠢᠯᠡᠵᠤ᠂ ᠠᠵᠢᠯᠳᠠᠳ ᠤ ᠡᠪᠡᠳᠴᠢᠨ ᠢᠶᠠᠷ ᠠᠵᠢᠯ ᠰᠠᠭᠠᠳᠠᠬᠤ ᠨᠤᠷᠮ᠎ᠠ ᠶᠢ ᠲᠤᠷᠤᠭᠰᠢᠯᠠᠭᠤᠯᠳᠠᠭ ᠪᠠᠶᠢᠨ᠎ᠠ᠃ | | ᠭᠧᠷᠮᠠᠨ ᠤ ᠰᠤᠳᠤᠯᠭᠠᠳᠠᠳ ᠮᠡᠳᠡᠬᠦᠯᠦᠯᠳᠡ ᠳᠡᠭᠡᠨ ᠬᠡᠯᠡᠭᠰᠡᠨ ᠨᠢ᠂ ᠲᠡᠳᠡᠨᠤᠰ ᠦᠷᠬᠦᠯᠵᠢ ᠤᠯᠠᠨ | ᠬᠦᠮᠤᠨ ᠲᠠᠢ ᠬᠠᠷᠢᠴᠨᠵᠤ ᠪᠢᠴᠢᠭ ᠮᠠᠲ᠋ᠧᠷᠢᠶᠠᠯ ᠲᠠᠢ ᠨᠤᠴᠤᠯᠳᠤᠳᠠᠭ ᠬᠤᠳᠠ ᠶᠢᠨ ᠵᠠᠰᠠᠭ ᠤᠨ ᠬᠠᠮᠢᠶᠠᠷᠤᠯᠳᠠ ᠶᠢᠨ | 129 ᠬᠦᠮᠦᠨ ᠳᠤ ᠨᠢᠬᠡ ᠵᠢᠯ ᠤᠨ ᠡᠷᠡᠬᠦᠯ ᠮᠡᠨᠳᠤ ᠶᠢᠨ ᠪᠠᠶᠢᠴᠠᠭᠠᠯᠳᠠ ᠬᠢᠵᠠᠢ᠃ ᠲᠡᠳᠡ ᠡᠳᠡᠬᠡᠷ ᠬᠦᠮᠦᠰ ᠢ | ᠬᠤᠶᠠᠷ ᠲᠤᠭᠤᠢᠢᠯᠠᠩ ᠬᠤᠪᠢᠶᠠᠵᠤ᠂ ᠨᠢᠬᠡ ᠲᠤᠭᠤᠢᠢᠯᠠᠩ ᠤᠨ ᠬᠢᠨ ᠢ ᠬᠤᠭᠤᠯᠠᠨ ᠤ ᠡᠮᠤᠨ᠎ᠠ ᠪᠠ ᠪᠠᠶ᠎ᠠ ᠵᠠᠰᠠᠭᠰᠠᠨ ᠤ | ᠲᠠᠷᠠᠭ᠎ᠠ ᠵᠡᠷᠬᠡ ᠪᠠᠶᠢᠳᠠᠯ ᠲᠤᠤᠷ᠎ᠠ ᠰᠫᠢᠷᠲ ᠠᠭᠤᠯᠤᠭᠰᠠᠨ ᠤᠬᠢᠶᠠᠯ ᠤᠨ ᠰᠢᠩᠬᠡᠨ ᠢᠶᠠᠷ ᠭᠠᠷ ᠢᠶᠠᠨ ᠡᠳᠤᠷ ᠪᠦᠷᠢ | ᠨᠠᠭᠠᠳᠤ ᠵᠠᠬ᠎ᠠ ᠳᠠᠭᠠᠨ 5 ᠤᠳᠠᠭ᠎ᠠ ᠤᠬᠢᠶᠠᠬᠤ ᠶᠢ ᠱᠠᠭᠠᠷᠳᠠᠵᠤ᠂ ᠨᠦᠬᠦᠬᠡ ᠲᠤᠭᠤᠢᠢᠯᠠᠩ ᠤᠨ ᠬᠢᠨ ᠢ | ᠦᠪᠡᠷ ᠤᠨ ᠬᠢᠨ ᠡᠳᠤᠷ ᠪᠦᠷᠢ ᠶᠢᠨ ᠡᠷᠡᠬᠦᠯ ᠬᠠᠮᠠᠭᠠᠯᠠᠯ ᠤᠨ ᠲᠠᠳᠬᠠᠯ ᠢ ᠵᠢᠷᠤᠮᠯᠠᠭᠤᠯᠤᠭᠰᠠᠨ ᠪᠠᠶᠢᠨ᠎ᠠ᠃ | ᠪᠠᠶᠢᠴᠠᠭᠠᠯᠳᠠ ᠶᠢᠨ ᠳ᠋ᠦᠩ ᠬᠡᠷᠡᠴᠢᠯᠡᠭᠰᠡᠨ ᠨᠢ᠂ ᠭᠠᠷ ᠢᠶᠠᠨ ᠪᠠᠶᠢᠩᠭᠤ ᠤᠬᠢᠶᠠᠳᠠᠭ ᠲᠤᠭᠤᠢᠢᠯᠠᠩ ᠤᠨ ᠬᠢᠨ ᠤ | ᠴᠢᠴᠠᠭ᠎ᠠ ᠠᠯᠳᠠᠬᠤ ᠮᠡᠳᠤ ᠶᠢᠨ ᠡᠪᠡᠳᠴᠢᠨ ᠢᠶᠠᠷ ᠠᠵᠢᠯ ᠰᠠᠭᠠᠳᠠᠬᠤ ᠨᠤᠷᠮ᠎ᠠ 90% ᠤᠷᠴᠢᠮ ᠪᠠᠭᠤᠷᠠᠵᠤ᠂ | ᠬᠠᠨᠢᠶᠠᠵᠤ ᠬᠠᠭᠰᠢᠨ ᠨᠢᠰᠤ ᠨᠢᠯᠪᠤᠰᠤ ᠪᠠᠨ ᠴᠢᠷᠦᠬᠡᠳ ᠠᠵᠢᠯᠯᠠᠳᠠᠭ ᠪᠠᠶᠢᠳᠠᠯ ᠴᠦ ᠨᠠᠭᠠᠳᠤ ᠵᠠᠬ᠎ᠠ ᠳᠠᠭᠠᠨ | 50% ᠪᠠᠷ ᠴᠦᠬᠡᠷᠡᠭᠰᠡᠨ ᠬᠡᠨ᠎ᠠ᠃ ᠰᠤᠳᠤᠯᠭᠠᠳᠠᠳ ᠡᠨᠡᠬᠦ ᠦᠷ᠎ᠠ ᠳ᠋ᠦᠩ ᠲᠡᠳᠡᠨ ᠤ ᠵᠢᠱᠢᠯᠳᠠ ᠠᠴᠠ ᠲᠠᠪᠠᠵᠤ᠂ | ᠭᠠᠷ ᠢᠶᠠᠨ ᠦᠷᠭᠦᠯᠵᠢ ᠤᠬᠢᠶᠠᠬᠤ ᠨᠢ ᠤᠯᠠᠨ ᠨᠡᠶᠢᠳᠡ ᠶᠢᠨ ᠲᠠᠯᠠᠪᠤᠷ ᠲᠤ ᠬᠠᠯᠳᠠᠪᠤᠷᠢᠯᠠᠬᠤ ᠴᠢᠨᠠᠷ ᠲᠠᠢ ᠡᠪᠡᠳᠴᠢᠨ | ᠬᠡᠮ ᠳᠤ ᠬᠠᠯᠳᠠᠪᠤᠷᠢᠯᠠᠬᠤ ᠶᠢ ᠰᠡᠷᠬᠡᠶᠢᠯᠡᠬᠦ ᠪᠦᠳᠦᠮᠵᠢᠳᠠᠢ ᠠᠷᠭ᠎ᠠ ᠬᠡᠮᠵᠢᠶ᠎ᠠ ᠪᠤᠯᠬᠤ ᠶᠢ ᠲᠠᠬᠢᠨᠳᠠ ᠬᠡᠷᠡᠴᠢᠯᠡᠪᠡ ᠭᠡᠪᠡ᠃ | |