30 ᠳ᠋ᠤᠭᠠᠷ ︽ᠳᠡᠯᠡᠬᠡᠶ ᠶᠢᠨ ᠤᠯᠠᠮᠵᠢᠯᠠᠯᠲᠤ ᠡᠮ ᠡᠮᠨᠡᠯᠭᠡ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ | ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠣᠯᠠᠨ ᠲᠦᠮᠡᠨ ᠤ | ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ | ᠲᠥᠯᠥᠭᠡ ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠶᠢᠬᠦᠯᠡ ᠮᠡᠨᠳᠦ ᠶᠢᠨ ᠵᠥᠪᠯᠡᠯ ︽ᠡᠷᠡᠭᠦᠯ ᠡᠩᠬᠡ ᠵᠠᠯᠠᠨ | ᠠᠶᠢᠯ · ᠮᠣᠩᠭᠤᠯ ᠬᠢᠲᠠᠳ ᠡᠮ ᠡᠮᠨᠡᠯᠭᠡ ᠶᠢᠨ ᠠᠵᠢᠯᠯᠠᠭ᠎ᠠ︾ ᠪᠠᠷ ᠭᠤᠤᠯ ᠰᠡᠳᠦᠪ ᠪᠣᠯᠭᠠᠵᠤ᠂ 10 ᠰᠠᠷ᠎ᠠ ᠶᠢᠨ | 19 ᠤ ᠡᠳᠦᠷ — 23 ᠤ ᠡᠳᠦᠷ ᠤᠨ ᠬᠤᠭᠤᠴᠠᠭᠠᠨ ᠳᠤ ᠪᠥᠬᠦ ᠬᠤᠲᠠ ᠶᠢᠨ ᠡᠯ᠎ᠡ ᠡᠮᠴᠢᠯᠡᠭᠡᠨ ᠤ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ 5 ᠡᠳᠦᠷ ᠤᠨ ᠬᠤᠭᠤᠴᠠᠭ᠎ᠠ ᠲᠠᠢ ᠣᠯᠠᠨ ᠶᠠᠩᠵᠤ ᠶᠢᠨ ᠠᠯᠪᠠᠨ | ᠵᠢᠷᠤᠮ ᠤᠨ ᠡᠮᠴᠢᠯᠡᠭᠡ᠂ ᠬᠢᠲᠠᠳ ᠡᠮᠨᠡᠯᠭᠡ ᠶᠢᠨ ᠪᠡᠶ᠎ᠡ ᠮᠠᠬᠠᠪᠣᠳ ᠢ ᠢᠯᠭᠠᠨ ᠲᠠᠨᠢᠬᠤ ᠵᠢᠴᠢ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠨᠢ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠶᠢᠨ ᠮᠣᠩᠭᠤᠯ ᠬᠢᠲᠠᠳ ᠡᠮ ᠡᠮᠨᠡᠯᠭᠡ ᠶᠢᠨ | ᠡᠮᠴᠢᠯᠡᠭᠡᠨ ᠤ ᠠᠵᠢᠯᠲᠠᠨ ᠤ ᠶᠠᠭᠠᠷᠠᠯᠲᠠᠶ ᠪᠠᠷ᠎ᠠ ᠰᠡᠭᠦᠳᠡᠷ ᠲᠤ ᠡᠬᠢᠯᠡᠪᠡ᠃ ᠳᠤᠮᠳᠠᠳᠤ ᠮᠣᠩᠭᠤᠯ ᠤᠨ ᠡᠮᠨᠡᠯᠭᠡ ᠶᠢᠨ | ᠬᠤᠷᠢᠶ᠎ᠠ ᠮᠣᠩᠭᠤᠯ ᠬᠢᠲᠠᠳ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ | ᠡᠮᠨᠡᠯᠭᠡ ᠶᠢᠨ ᠬᠤᠷᠢᠶᠠᠨ ᠤ ᠨᠢᠭᠡᠳᠦᠭᠡᠷ ᠳᠠᠪᠬᠤᠷᠯᠢᠭ ᠤᠨ ᠲᠠᠩᠬᠢᠮ ᠳᠤ ᠠᠯᠪᠠᠨ ᠵᠢᠷᠤᠮ ᠤᠨ ᠡᠮᠴᠢᠯᠡᠭᠡ ᠶᠢᠨ | ᠠᠵᠢᠯᠯᠠᠭ᠎ᠠ ᠥᠷᠨᠢᠭᠦᠯᠵᠦ᠂ ᠡᠪᠡᠳᠴᠢᠨ ᠦᠵᠡᠭᠦᠯᠬᠦ ᠪᠠᠷ ᠢᠷᠡᠭᠰᠡᠨ ᠣᠯᠠᠨ ᠲᠦᠮᠡᠨ ᠳᠤ ᠬᠢᠲᠠᠳ ᠡᠮᠨᠡᠯᠭᠡ ᠶᠢᠨ | ᠠᠯᠪᠠᠨ ᠵᠢᠷᠤᠮ ᠤᠨ ᠡᠮᠴᠢᠯᠡᠭᠡ ᠥᠷᠨᠢᠭᠦᠯᠵᠡᠶ᠃ ᠣᠯᠠᠨ ᠲᠦᠮᠡᠨ ᠳᠤ ᠬᠢᠲᠠᠳ ᠡᠮ ᠡᠮᠨᠡᠯᠭᠡ ᠶᠢᠨ ᠪᠣᠳᠠᠲᠤ | ᠶᠠᠭᠤᠮ᠎ᠠ ᠶᠢ ᠳᠡᠯᠭᠡᠨ ᠦᠵᠡᠭᠦᠯᠬᠦ ᠶᠢᠨ ᠬᠠᠮᠲᠤ ᠦᠢᠯᠡᠳᠦᠯ ᠴᠢᠳᠠᠪᠤᠷᠢ ᠶᠢᠨ ᠲᠠᠶᠢᠯᠤᠮᠵᠢ ᠬᠢᠵᠦ᠂ ᠡᠷᠡᠭᠦᠯ ᠮᠡᠨᠳᠦ ᠶᠢᠨ | ᠯᠠᠷᠪᠠᠶᠢᠯᠭᠠ᠂ ᠬᠢᠲᠠᠳ ᠡᠮᠨᠡᠯᠭᠡ ᠶᠢᠨ ᠪᠡᠶ᠎ᠡ ᠮᠠᠬᠠᠪᠣᠳ ᠢ ᠢᠯᠭᠠᠨ ᠲᠠᠨᠢᠬᠤ᠂ ᠬᠢᠲᠠᠳ ᠡᠮᠴᠢᠯᠡᠭᠡᠨ ᠤ | ᠡᠪᠡᠳᠴᠢᠯᠡᠭᠡᠳᠦᠶ ᠵᠡᠷᠭᠡ ᠦᠶ᠋ᠯᠡᠴᠢᠯᠡᠭᠡ ᠬᠠᠩᠭᠠᠨ᠎ᠠ᠃ | ᠠᠵᠢᠯᠯᠠᠭ᠎ᠠ ᠬᠢᠭᠰᠡᠨ ᠲᠤᠬᠠᠶ ᠶᠢᠨ ᠡᠳᠦᠷ᠂ ᠡᠮᠴᠢᠯᠡᠭᠡᠨ ᠤ ᠪᠠᠶᠢᠭᠤᠯᠤᠮᠵᠢ ᠶᠢᠨ ᠳ᠋ᠤᠭᠠᠷᠯᠠᠬᠤ ᠰᠦᠢᠳᠬᠡᠯ᠂ | ᠡᠮ ᠴᠢᠨᠠᠬᠤ ᠰᠦᠢᠳᠬᠡᠯ᠂ ᠦᠨ᠎ᠡ ᠲᠥᠯᠥᠪᠦᠷᠢ ᠥᠬᠡᠶ ᠪᠠᠷ ᠪᠡᠶ᠎ᠡ ᠮᠠᠬᠠᠪᠣᠳ ᠢ ᠢᠯᠭᠠᠨ ᠲᠠᠨᠢᠬᠤ᠂ ᠡᠪᠡᠳᠴᠢᠨ | ᠡᠮᠭᠡᠭ ᠤᠨ ᠵᠥᠪᠯᠡᠯᠭᠡ ᠥᠭᠬᠦ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠶᠢᠨ ᠠᠵᠢᠯᠯᠠᠭ᠎ᠠ ᠶᠢ ᠭᠡᠯᠳᠦᠷᠢᠭᠦᠯᠦᠨ᠎ᠡ᠃ | ᠵᠠᠯᠠᠨ ᠠᠶᠢᠯ ᠬᠤᠲᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠲᠠᠪᠴᠠᠩ ᠢᠶᠠᠷ ᠳᠠᠮᠵᠢᠭᠤᠯᠤᠨ ︽ | ᠳᠡᠯᠡᠬᠡᠶ ᠶᠢᠨ ᠤᠯᠠᠮᠵᠢᠯᠠᠯᠲᠤ ᠡᠮ ᠡᠮᠨᠡᠯᠭᠡ ᠶᠢᠨ ᠡᠳᠦᠷ︾᠂ ︽ᠳᠤᠮᠳᠠᠳᠤ ᠤᠯᠤᠰ ᠤᠨ ᠠᠷᠠᠳ ᠢᠷᠭᠡᠨ ᠤ ᠬᠢᠲᠠᠳ | ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ︾᠂ ︽ᠳᠤᠮᠳᠠᠳᠤ ᠤᠯᠤᠰ ᠤᠨ ᠠᠷᠠᠳ ᠢᠷᠭᠡᠨ ᠤ | ᠮᠣᠩᠭᠤᠯ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ︾ ᠢ ᠨᠡᠶᠢᠭᠡᠮ ᠨᠡᠶᠢᠲᠡ ᠳᠤ ᠤᠬᠠᠭᠤᠯᠪᠠ᠃ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠢᠴᠢ | ᠬᠢᠲᠠᠳ ᠡᠮᠨᠡᠯᠭᠡ ᠶᠢᠨ ᠠᠵᠢᠯᠲᠠᠳ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠲᠠᠯᠠᠪᠠᠶ᠂ | ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠦᠷᠴᠦ᠂ ᠣᠯᠠᠨ ᠲᠦᠮᠡᠨ ᠳᠤ | ᠬᠠᠨᠳᠤᠨ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠰᠣᠶᠣᠯ ᠤᠨ ᠮᠡᠳᠡᠯᠭᠡ ᠶᠢ ᠲᠠᠶᠢᠯᠪᠤᠷᠢᠯᠠᠬᠤ ᠵᠢᠴᠢ ᠡᠷᠡᠭᠦᠯ | ᠮᠡᠨᠳᠦ ᠶᠢᠨ ᠲᠠᠶᠢᠯᠤᠮᠵᠢ᠂ ᠡᠪᠡᠳᠴᠢᠨ ᠡᠮᠭᠡᠭ ᠤᠨ ᠵᠥᠪᠯᠡᠯᠭᠡ ᠥᠭᠬᠦ ᠠᠵᠢᠯ ᠢ ᠥᠷᠨᠢᠭᠦᠯᠵᠦ᠂ ᠣᠯᠠᠨ ᠲᠦᠮᠡᠨ ᠤ | ᠴᠢᠰᠤᠨ ᠳᠠᠷᠤᠯᠲᠠ ᠶᠢ ᠦᠨ᠎ᠡ ᠲᠥᠯᠥᠪᠦᠷᠢ ᠦᠭᠡᠢ ᠪᠠᠷ ᠬᠡᠮᠵᠢᠵᠦ᠂ ᠳᠥᠭᠦᠮ ᠬᠢᠯᠪᠠᠷ ᠠᠵᠢᠯᠯᠠᠭᠤᠯᠬᠤ ᠬᠢᠲᠠᠳ | ᠡᠮᠨᠡᠯᠭᠡ ᠶᠢᠨ ᠪᠡᠶ᠎ᠡ ᠰᠤᠪᠢᠯᠠᠬᠤ ᠠᠷᠭ᠎ᠠ᠂ ᠡᠷᠡᠭᠦᠯᠵᠢᠭᠦᠯᠬᠦ ᠳᠤ ᠲᠤᠬ ᠢᠷᠠᠮᠵᠢᠲᠠᠶ ᠮᠡᠷᠭᠡᠵᠢᠯ ᠢ ᠳᠡᠯᠭᠡᠷᠡᠭᠦᠯᠵᠦ᠂ | ᠠᠭᠤᠷ ᠠᠮᠢᠰᠬᠤᠯ ᠤᠨ ᠬᠤᠪᠢᠷᠠᠯᠲᠠ ᠪᠣᠯᠤᠨ ᠪᠡᠶ᠎ᠡ ᠮᠠᠬᠠᠪᠣᠳ ᠤᠨ ᠴᠠᠯᠢᠭ ᠢᠶᠠᠷ ᠬᠠᠷᠢᠶ᠎ᠠ ᠣᠷᠣᠨ ᠤ ᠰᠠᠭᠤᠭᠠᠯᠢ | ᠠᠷᠠᠳ ᠵᠢᠴᠢ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠡᠷᠡᠭᠦᠯ | ᠮᠡᠨᠳᠦ ᠶᠢᠨ ᠵᠣᠷ ᠬᠠᠩᠭᠠᠨ᠎ᠠ᠃ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ | ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠡᠯᠵᠡᠯ ᠤᠨ ᠠᠷᠭ᠎ᠠ ᠶᠢ ᠥᠷᠭᠡᠨ ᠢᠶᠠᠷ ᠲᠦᠭᠡᠮᠡᠯᠵᠢᠭᠦᠯᠵᠦ᠂ ᠣᠯᠠᠨ | ᠲᠦᠮᠡᠨ ᠤ ᠡᠪᠡᠳᠴᠢᠨ ᠰᠡᠷᠭᠡᠶᠢᠯᠡᠨ ᠡᠪᠡᠳᠴᠢᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠣᠯᠠᠨ | ᠬᠦᠮᠦᠨ ᠳᠤ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠮᠡᠳᠡᠷᠡᠭᠦᠯᠦᠨ ᠡᠳ᠋ᠯᠡᠭᠦᠯᠦᠨ᠎ᠡ᠃ | ᠡᠨᠡ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠣᠯᠵᠤ᠂ ᠣᠯᠠᠨ | ᠲᠦᠮᠡᠨ ᠤ ᠬᠢᠲᠠᠳ ᠡᠮᠨᠡᠯᠭᠡ ᠶᠢᠨ ᠤᠯᠠᠮᠵᠢᠯᠠᠯᠲᠤ ᠰᠣᠶᠣᠯ ᠤᠨ ᠲᠤᠬᠠᠢ ᠣᠮᠤᠭ ᠪᠠᠭ᠋ᠠᠳᠤᠯᠲᠤ ᠰᠡᠳᠬᠢᠯᠭᠡ ᠪᠠ | ᠢᠲᠡᠭᠡᠯ ᠵᠣᠷᠢᠭ ᠢ ᠬᠥᠭᠵᠢᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ | ᠤᠬᠠᠮᠰᠠᠷᠲᠤ ᠤᠬᠠᠮᠰᠠᠷ ᠢᠶᠠᠨ ᠴᠢᠩᠭᠠᠳᠬᠠᠨ᠎ᠠ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ | ᠠᠵᠢᠯᠯᠠᠭ᠎ᠠ ᠳᠤ ᠣᠷᠣᠯᠴᠠᠭᠰᠠᠨ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠠᠵᠢᠯᠲᠠᠨ ᠨᠡᠶᠢᠲᠡ 105 | ᠬᠥᠮᠦᠨ᠂ ᠡᠯᠭᠦᠭᠰᠡᠨ ᠬᠥᠨᠳᠡᠯᠡᠨ ᠪᠢᠴᠢᠭᠡᠰᠦ 27 ᠬᠠᠭᠤᠳᠠᠰᠤ᠂ LED ᠥᠩᠬᠦᠷᠢᠭᠡ ᠳᠡᠯᠭᠡᠴᠡ ᠳᠤ ᠮᠣᠩᠭᠤᠯ | ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠮᠡᠳᠡᠯᠭᠡ ᠶᠢ ᠨᠡᠶᠢᠲᠡ 467 ᠴᠠᠭ ᠨᠡᠪᠲᠡᠷᠡᠭᠦᠯᠵᠦ᠂ ᠬᠢᠲᠠᠳ ᠡᠮ | ᠡᠮᠨᠡᠯᠭᠡ ᠶᠢᠨ ᠠᠭᠤᠯᠭ᠎ᠠ ᠶᠢ ᠨᠡᠶᠢᠲᠡ 51 ᠵᠦᠢᠯ᠂ ᠨᠡᠶᠢᠲᠡ 4638 ᠬᠤᠪᠢ ᠲᠠᠷᠬᠠᠭᠠᠵᠤ᠂ ᠲᠥᠪ ᠪᠡᠶ᠎ᠡ ᠶᠢᠨ | ᠪᠡᠶ᠎ᠡ ᠮᠠᠬᠠᠪᠣᠳ ᠢ ᠢᠯᠭᠠᠨ ᠲᠠᠨᠢᠬᠤ ᠶᠢ ᠬᠦᠯᠢᠶᠡᠨ ᠠᠪᠤᠭᠰᠠᠨ ᠬᠥᠮᠦᠨ 1204᠂ ᠵᠢᠷᠤᠮ ᠤᠨ ᠡᠮᠴᠢᠯᠡᠭᠡᠨ ᠤ | ᠦᠢᠯᠡᠴᠢᠯᠡᠭᠡᠨ ᠤ ᠬᠥᠮᠦᠨ ᠤ ᠲᠤᠭ᠎ᠠ 1431 ᠬᠥᠮᠦᠨ ᠤᠳᠠᠭ᠎ᠠ᠂ ᠡᠷᠡᠭᠦᠯ ᠮᠡᠨᠳᠦ ᠶᠢᠨ ᠲᠠᠶᠢᠯᠤᠮᠵᠢ ᠳᠤ | ᠣᠷᠣᠯᠴᠠᠭᠰᠠᠨ ᠣᠯᠠᠨ ᠲᠦᠮᠡᠨ 1876 ᠬᠥᠮᠦᠨ ᠤᠳᠠᠭ᠎ᠠ ᠪᠠᠶᠢᠵᠤ᠂ ᠳ᠋ᠤᠭᠠᠷᠯᠠᠭᠤᠯᠬᠤ ᠰᠦᠶ᠋ᠳᠬᠡᠯ ᠪᠠ ᠡᠮ | ᠴᠢᠨᠠᠬᠤ ᠰᠦᠶ᠋ᠳᠬᠡᠯ ᠢ 2579 ᠲᠥᠭᠦᠷᠢᠭ ᠬᠠᠰᠤᠵᠤ ᠬᠡᠯᠲᠦᠷᠢᠭᠦᠯᠪᠡ᠃ ︵ᠨᠠᠶᠢᠷᠠᠭᠤᠯᠤᠭᠴᠢ᠄ ᠹᠧᠩ ᠶᠢᠩ | ᠨᠠᠨᠳᠢᠨ︶ | | | | | | | | | | | | | | |