ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ 2020 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ  ᠵᠦᠢᠯ ᠢ ᠰᠢᠯᠭᠠᠨ ᠠᠪᠴᠤ ᠪᠠᠶᠢᠴᠠᠭᠠᠪᠠ
ᠨᠡᠶᠢᠲᠡᠯᠡᠭᠰᠡᠨ ᠴᠠᠭ᠄
2020/10/30
    10 ᠰᠠᠷ᠎ᠠ ᠶᠢᠨ 27 ᠤ ᠡᠳᠦᠷ ᠠᠴᠠ 10 ᠰᠠᠷ᠎ᠠ ᠶᠢᠨ 29 ᠤ ᠡᠳᠦᠷ ᠪᠣᠯᠲᠠᠯ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠭᠤᠸᠠᠨ ᠴᠧᠩ ᠭᠦᠸᠧ ᠡᠳ᠋ ᠤᠨ ᠵᠠᠰᠠᠭ ᠤᠨ ᠲᠣᠪᠴᠢᠶᠠᠨ ᠤ ᠲᠠᠷᠢᠶᠠᠯᠠᠩ ᠡᠳ᠋ ᠤᠨ ᠵᠠᠰᠠᠭ ᠤᠨ ᠠᠯᠪᠠᠨ ᠬᠡᠷ ᠤᠨ ᠮᠠ ᠴᠢᠩ ᠴᠦᠨ ᠡᠷᠬᠢᠯᠡᠭᠴᠢ ᠵᠡᠷᠭᠡ ᠬᠥᠮᠦᠰ ᠲᠥᠷᠥᠯ ᠵᠦᠢᠯ ᠢ ᠰᠢᠯᠭᠠᠨ ᠠᠪᠬᠤ ᠳᠤᠭᠤᠶᠢᠯᠠᠩ ᠪᠠᠶᠢᠭᠤᠯᠪᠠ᠃ ᠡᠯ᠎ᠡ ᠦᠨᠳᠦᠰᠦᠲᠡᠨ ᠤ ᠰᠢᠶᠠᠩ ᠳᠤ ᠭᠦᠨᠵᠡᠭᠡᠶᠢᠷᠡᠵᠦ᠂ 2020 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ  ᠵᠦᠢᠯᠡᠰ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠯᠭᠠᠨ ᠠᠪᠴᠤ ᠪᠠᠶᠢᠴᠠᠭᠠᠬᠤ ᠠᠵᠢᠯ ᠬᠢᠪᠡ᠃     ᠰᠢᠯᠭᠠᠨ ᠬᠤᠷᠢᠶᠠᠬᠤ ᠳᠤᠭᠤᠶᠢᠯᠠᠩ ᠤᠨ ᠬᠥᠮᠦᠰ ᠤᠷᠢᠳ ᠬᠤᠵᠢᠳ ᠸᠠ ᠳ᠋ᠨᠢ ᠰᠢᠶᠠᠩ᠂ ᠰᠠ ᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ᠂ ᠨᠠᠮᠤ ᠣᠷᠴᠣᠨ ᠦᠨᠳᠦᠰᠦᠲᠡᠨ ᠤ ᠰᠢᠶᠠᠩ ᠵᠡᠷᠭᠡ ᠭᠠᠵᠠᠷ ᠢᠶᠠᠷ ᠭᠦᠨᠵᠡᠭᠡᠶᠢᠷᠡᠨ᠂ ᠡᠨᠡ ᠵᠢᠯ ᠬᠡᠷᠡᠭᠵᠢᠭᠦᠯᠦᠭᠰᠡᠨ 17 ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠢ ᠰᠢᠯᠭᠠᠨ ᠪᠠᠶᠢᠴᠠᠭᠠᠵᠤ᠂ ᠪᠣᠳᠠᠲᠤ ᠪᠠᠶᠢᠳᠠᠯ ᠪᠠ ᠬᠡᠷᠡᠭᠵᠢᠭᠦᠯᠬᠦ ᠲᠥᠰᠦᠯ ᠢ ᠦᠨᠳᠦᠰᠦᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ ᠂ ᠲᠥᠷᠥᠯ ᠵᠦᠢᠯ ᠤᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠳᠠᠷᠠᠭᠠᠴᠢ ᠶᠢᠨ ᠠᠯᠬᠤᠮ ᠳᠤ ᠬᠢᠨᠠᠨ ᠲᠣᠭᠲᠠᠭᠠᠬᠤ ᠠᠵᠢᠯ ᠢ ᠠᠬᠢᠭᠤᠯᠬᠤ ᠳᠤ ᠰᠠᠶᠢᠲᠤᠷ ᠪᠡᠯᠡᠳᠬᠡᠯ ᠬᠢᠨ᠎ᠡ᠃     ᠡᠭᠦᠨ ᠤ ᠬᠠᠮᠲᠤ᠂ ᠭᠤᠸᠠᠨ ᠴᠧᠩ ᠭᠦᠸᠧ 2021 ᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠯᠥᠪᠯᠡᠭᠡ ᠶᠢ ᠵᠣᠬᠢᠴᠠᠩᠭᠤᠶ ᠵᠢᠯᠣᠭᠤᠳᠴᠠᠶ᠂ ᠡᠯ᠎ᠡ ᠲᠥᠷᠥᠯ ᠵᠦᠢᠯ ᠤᠨ ᠰᠢᠶᠠᠩ᠂ ᠲᠣᠰᠬᠤᠨ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠬᠠᠷᠠᠯᠲᠠ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠢ ᠨᠠᠶᠢᠷᠠᠭᠤᠯᠤᠨ ᠵᠣᠬᠢᠶᠠᠬᠤ ᠳᠤ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠪᠠᠶᠢᠵᠤ᠂ ᠲᠤᠬᠠᠶ ᠶᠢᠨ ᠵᠢᠯ ᠤᠨ ᠲᠥᠷᠥᠯ ᠵᠦᠶ᠋ᠯ ᠢ ᠲᠤᠬᠠᠶ ᠶᠢᠨ ᠵᠢᠯ ᠳᠤ ᠪᠡᠶᠡᠯᠡᠭᠦᠯᠬᠦ ᠶᠢ ᠪᠠᠲᠤᠯᠠᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢ ᠵᠥᠪ᠂ ᠰᠠᠶᠢᠨ᠂ ᠪᠣᠳᠠᠲᠠᠶ ᠬᠡᠷᠡᠭᠯᠡᠬᠦ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号