ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2020/10/30
    ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠰᠠᠭᠠᠷᠯᠠᠬᠤ ᠪᠦᠰᠡ ᠶᠢᠨ ᠨᠡᠭᠡᠭᠡᠯᠲᠡ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ 10 ᠰᠠᠷ᠎ᠠ ᠶᠢᠨ 27 ᠤ ᠡᠳᠦᠷ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠲᠥᠯᠥᠪᠵᠢᠭᠦᠯᠪᠡ ᠵᠢᠷᠤᠭ ᠲᠥᠯᠥᠪᠯᠡᠭᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃     ᠨᠢᠭᠡ ᠳᠤ᠂ ᠬᠥᠯᠥᠨ ᠪᠦᠷ ᠬᠤᠲᠠ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠥᠯᠥᠪᠵᠢᠭᠦᠯᠦᠨ ᠲᠥᠯᠥᠪᠯᠡᠬᠦ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ᠂ ᠭᠠᠯ ᠰᠡᠷᠭᠡᠶᠢᠯᠡᠬᠦ ᠪᠠᠶᠢᠳᠠᠯ ᠢ ᠲᠣᠳᠣᠷᠬᠠᠶ ᠲᠠᠨᠢᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃     ᠬᠤᠶᠠᠷ ᠲᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠳᠣ ᠪᠠᠶᠢᠭ᠎ᠠ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠳᠤ ᠨᠢᠭᠡ ᠤᠳᠠᠭᠠᠨ ᠤ ᠪᠦᠬᠦ ᠲᠠᠯ᠎ᠠ ᠶᠢᠨ ᠲᠦᠢᠯᠪᠤᠷᠢᠲᠠᠶ ᠪᠠᠶᠢᠴᠠᠭᠠᠯᠲᠠ ᠬᠢᠵᠦ᠂ ᠵᠠᠮ᠂ ᠲᠣᠰᠬᠤᠨ᠂ ᠲᠣᠰᠬᠤᠨ᠂ ᠪᠠᠯᠭᠠᠰᠤ᠂ ᠣᠢ ᠰᠢᠭᠤᠶ ᠶᠢᠨ ᠬᠥᠪᠡᠭᠡ ᠬᠢᠵᠠᠭᠠᠷ᠂ ᠭᠠᠯ ᠰᠡᠷᠭᠡᠶᠢᠯᠡᠬᠦ ᠵᠠᠮ᠂ ᠴᠠᠬᠢᠯᠭᠠᠨ ᠬᠦᠴᠦᠨ ᠤ ᠥᠨᠳᠥᠷ ᠬᠦᠴᠦᠳᠡᠯᠲᠦ ᠱᠤᠭᠤᠮ ᠵᠡᠷᠭᠡ ᠭᠠᠵᠠᠷ᠂ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠨ᠎ᠡ᠃ ᠬᠡᠰᠡᠭ ᠨᠢᠭᠡᠪᠦᠷᠢ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠭᠰᠠᠨ ᠣᠳᠣᠬᠢ ᠪᠠᠶᠢᠳᠠᠯ ᠪᠠ ᠣᠷᠣᠰᠢᠵᠤ  ᠪᠠᠶᠢᠭ᠎ᠠ ᠠᠰᠠᠭᠤᠳᠠᠯ ᠢ ᠪᠠᠶᠢᠴᠠᠭᠠᠨ ᠲᠣᠳᠣᠷᠬᠠᠶᠢᠯᠠᠵᠤ᠂ ᠡᠬᠡ ᠲᠠᠩᠰᠠ ᠪᠠ ᠲᠣᠳᠣᠷᠬᠠᠶ ᠬᠠᠭᠤᠳᠠᠰᠤ ᠶᠢ ᠪᠠᠶᠢᠭᠤᠯᠵᠤ᠂ ᠮᠥᠷᠳᠡᠵᠦ ᠪᠣᠯᠬᠤᠶᠢᠴᠠ᠂ ᠪᠠᠶᠢᠴᠠᠭᠠᠬᠤ ᠮᠠᠲ᠋ᠧᠷᠢᠶᠠᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠭᠤᠷᠪᠠ ᠳᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠣᠢ ᠰᠢᠭᠤᠶ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠡᠪᠳᠡᠬᠦ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠤᠨ ᠡᠯᠡᠰᠦᠵᠢᠬᠦ ᠶᠢ ᠴᠢᠩᠭ᠎ᠠ ᠰᠡᠷᠭᠡᠶᠢᠯᠡᠵᠦ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠨᠡᠷ᠎ᠡ ᠪᠠᠷ ᠤᠢ ᠮᠣᠳᠣᠨ ᠤ ᠭᠠᠵᠠᠷ᠂ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号