ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠵᠤ᠂ | ᠰᠠᠭᠤᠭᠠᠯᠢ ᠠᠷᠠᠳ ᠤᠨ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠰᠠᠭᠤᠭᠠᠯᠢ ᠠᠷᠠᠳ ᠲᠤ ᠲᠠᠭᠠᠯᠠᠮᠵᠢᠲᠠᠶ᠂ | ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠶᠢᠨ ᠲᠥᠯᠥᠭᠡ᠂ ᠲᠦᠷᠦᠭᠦᠬᠡᠨ᠂ | ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ ᠨᠡᠶᠢᠭᠡᠮ ᠲᠣᠭᠤᠷᠢᠭ ᠬᠠᠭᠤᠴᠢᠨ ᠰᠠᠭᠤᠭᠠᠯᠢ ᠲᠣᠭᠤᠷᠢᠭ ᠤᠨ | ᠠᠳᠠᠯ ᠠᠬᠤᠶ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠡᠳ᠋ ᠪᠣᠳᠠᠰ ᠤᠨ | ᠲᠣᠪᠴᠢᠶ᠎ᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠥᠬᠡᠶ ᠪᠠᠶᠢᠬᠤ ᠶᠠᠪᠤᠳᠠᠯ ᠤᠨ ᠲᠤᠬᠠᠶ | ᠵᠥᠪᠳᠡᠯᠴᠡᠭᠡ ᠬᠢᠪᠠ᠃ | ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠵᠦ ᠱᠦᠵᠢ᠂ ᠡᠳ᠋ ᠪᠣᠳᠠᠰ ᠤᠨ ᠲᠣᠪᠴᠢᠶ᠎ᠠ ᠶᠢᠨ ᠵᠢᠵᠢᠭ | ᠲᠣᠭᠤᠷᠢᠭ ᠤᠨ ᠥᠮᠴᠢᠲᠡᠨ ᠤ ᠲᠥᠯᠥᠭᠡᠯᠡᠭᠴᠢ ᠪᠣᠯᠤᠨ ᠰᠢᠨ ᠵᠢᠶᠧ ᠠᠳᠠᠯ ᠠᠬᠤᠶ ᠶᠢᠨ ᠺᠣᠮᠫᠠᠨᠢ ᠲᠣᠰ ᠲᠣᠰ ᠠᠳᠠᠯ | ᠠᠬᠤᠶ ᠶᠢᠨ ᠺᠣᠮᠫᠠᠨᠢ ᠶᠢᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠤᠨ ᠲᠤᠬᠠᠶ ᠨᠡᠪᠲᠡᠷᠡᠯᠴᠡᠭᠡ | ᠰᠣᠯᠢᠯᠴᠠᠭ᠎ᠠ ᠬᠢᠵᠡᠶ᠂ ᠲᠣᠰ ᠤᠳᠠᠭᠠᠨ ᠤ ᠬᠤᠷᠠᠯ ᠤᠨ ᠠᠭᠤᠯᠭ᠎ᠠ ᠨᠢ ᠭᠤᠤᠯᠳᠠᠭᠤ ᠡᠳ᠋ ᠪᠣᠳᠠᠰ ᠤᠨ | ᠲᠣᠪᠴᠢᠶ᠎ᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠥᠬᠡᠶ᠂ ᠵᠢᠵᠢᠭ ᠲᠣᠭᠤᠷᠢᠭ ᠤᠨ | ᠠᠷᠢᠭᠤᠨ ᠴᠡᠪᠡᠷ ᠢ ᠴᠡᠪᠡᠷᠯᠡᠬᠦ ᠳᠤ ᠴᠢᠭᠯᠡᠭᠦᠯᠵᠡᠶ᠃ ᠵᠢᠵᠢᠭ ᠲᠣᠭᠤᠷᠢᠭ ᠤᠨ ᠲᠡᠷᠭᠡ ᠬᠥᠰᠬᠡ ᠶᠢᠨ ᠬᠠᠮᠢᠶᠠᠷᠤᠯᠲᠠ | ᠵᠡᠷᠭᠡ ᠲᠠᠯ᠎ᠠ ᠶᠢᠨ ᠠᠰᠠᠭᠤᠳᠠᠯ ᠢ ᠳᠡᠯᠭᠡᠨ ᠶᠠᠷᠢᠯᠴᠠᠬᠤ ᠶᠢᠨ ᠬᠠᠮᠲᠤ᠂ ᠪᠣᠳᠠᠲᠠᠶ ᠠᠰᠠᠭᠤᠳᠠᠯ ᠳᠤ ᠦᠨᠡᠨᠬᠦ | ᠶᠠᠪᠤᠭᠳᠠᠭᠤᠰᠢᠲᠠᠶ ᠰᠢᠢᠳᠪᠦᠷᠢᠯᠡᠬᠦ ᠲᠥᠰᠦᠯ ᠳᠤᠷᠠᠳᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠰᠠᠭᠤᠭᠠᠯᠢ | ᠠᠷᠠᠳ ᠤᠨ ᠦᠢᠯᠡᠴᠢᠯᠡᠭᠡ ᠶᠢ ᠰᠠᠶᠢᠲᠤᠷ ᠬᠢᠬᠦ ᠪᠠᠷ ᠪᠠᠷᠠᠬᠤ ᠦᠭᠡᠶ ᠨᠡᠶᠢᠭᠡᠮ ᠲᠣᠭᠤᠷᠢᠭ ᠤᠨ ᠵᠠᠰᠠᠯᠲᠠ ᠶᠢᠨ | ᠲᠣᠭᠲᠠᠴᠠ ᠠᠴᠠ ᠡᠭᠦᠰᠴᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠨᠡᠩ ᠰᠢᠨᠵᠢᠯᠡᠬᠦ | ᠤᠬᠠᠭᠠᠨᠴᠢ ᠪᠦᠲᠦᠮᠵᠢᠲᠡᠶ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠣᠳᠠᠲᠤ | ᠪᠠᠢᠳᠠᠯ ᠳᠤ ᠰᠠᠭᠤᠷᠢᠯᠠᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠᠷ ᠲᠦᠷᠦᠭᠦᠯᠡᠭᠦᠯᠦᠭᠰᠡᠨ ︽ᠬᠠᠮᠲᠤᠷᠠᠨ | ᠵᠠᠰᠠᠬᠤ︾ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠶ᠎ᠠ ᠣᠷᠣᠨ ᠤ ᠠᠳᠠᠯ ᠠᠬᠤᠶ ᠶᠢᠨ ᠺᠣᠮᠫᠠᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ | ᠣᠯᠠᠨ ᠲᠦᠮᠡᠨ ᠤ ᠠᠵᠢᠯᠯᠠᠭ᠎ᠠ ᠶᠢᠨ ᠪᠦᠯᠬᠦᠮ ᠨᠡᠶᠢᠲᠡ ᠶᠢ ᠪᠦᠲᠦᠮᠵᠢᠲᠡᠶ ᠶᠡᠷᠦᠩᠬᠡᠶᠢᠯᠡᠨ ᠵᠢᠯᠣᠭᠤᠳᠬᠤ ᠶᠢ | ᠴᠢᠩᠬᠠᠳᠬᠠᠵᠠᠶ᠃ ︽ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ︾ ᠨᠡᠶᠢᠭᠡᠮ ᠲᠣᠭᠤᠷᠢᠭ ᠤᠨ | ᠰᠢᠨ᠎ᠡ ᠮᠠᠶ᠋ᠢᠭ ᠤᠨ ᠵᠠᠰᠠᠯᠲᠠ ᠶᠢᠨ ᠬᠡᠯᠪᠡᠷᠢ ᠶᠢ ᠰᠦᠪᠡᠭᠴᠢᠯᠡᠨ ᠪᠠᠶᠢᠭᠤᠯᠤᠨ᠎ᠠ᠃ | ᠲᠣᠰ ᠤᠳᠠᠭᠠᠨ ᠤ ᠬᠤᠷᠠᠯ ᠨᠢ ᠨᠡᠶᠢᠭᠡᠮ ᠲᠣᠭᠤᠷᠢᠭ᠂ ᠥᠮᠴᠢᠲᠡᠨ ᠤ ᠲᠥᠯᠥᠭᠡᠯᠡᠭᠴᠢ᠂ ᠠᠳᠠᠯ ᠠᠬᠤᠶ ᠶᠢᠨ | ᠺᠣᠮᠫᠠᠨᠢ᠂ ᠨᠠᠮ ᠤᠨ ᠭᠡᠰᠢᠭᠦᠨ ᠵᠡᠷᠭᠡ ᠣᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠭᠰᠡᠨ ︽ᠬᠠᠮᠲᠤ ᠪᠠᠷ ᠵᠠᠰᠠᠬᠤ᠂ | ᠬᠠᠮ ᠲᠤ ᠪᠠᠷ ᠪᠠᠶᠢᠭᠤᠯᠬᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠡᠳ᠋ᠯᠡᠬᠦ︾ ᠬᠤᠯᠪᠣᠭᠠᠯᠠᠨ ᠬᠥᠳᠡᠯᠦᠯᠴᠡᠬᠦ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠬᠠᠮᠤᠭ ᠠᠴᠠ ᠰᠡᠳᠬᠢᠯ ᠲᠠᠯᠪᠢᠵᠤ | ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠤᠳᠤᠷᠢᠳᠬᠤ ᠭᠤᠤᠯᠯᠠᠬᠤ ᠦᠢᠯᠡᠳᠦᠯ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ | ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ ᠪᠠ ᠲᠥᠪᠯᠡᠷᠡᠭᠦᠯᠬᠦ ᠶᠢ ᠪᠡᠶᠡᠯᠡᠭᠦᠯᠦᠨ᠎ᠡ᠃ ︵ᠨᠠᠶᠢᠷᠠᠭᠤᠯᠤᠭᠴᠢ᠄ ᠹᠧᠩ | ᠶᠢᠩ ᠨᠠᠨᠳᠢᠨ︶ |