ᠰᠢᠩ ᠬᠤᠸᠠ ᠵᠡᠭᠡᠯᠢ ᠭᠤᠳᠤᠮᠵᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠷᠡᠨ ᠭᠡᠷᠡᠯᠲᠦ ᠡᠮᠨᠡᠯᠭᠡ ᠶᠢᠨ ᠳᠠᠭᠠᠳᠬᠠᠯ ᠤᠨ ᠬᠠᠯᠠᠮᠵᠢᠲᠤ  ᠦᠢᠯᠡᠴᠢᠯᠡᠬᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/30
    2021 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠦᠬᠦ ᠲᠠᠯ ᠎ᠠ ᠪᠠᠷ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠢᠳᠡᠪᠬᠢᠵᠢᠯ ᠪᠠ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠮᠡᠳᠡᠬᠦ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ ᠲᠦᠷᠦᠭᠦᠬᠡᠨ᠂ ᠰᠢᠩ ᠬᠤᠸᠠ ᠵᠡᠭᠡᠯᠢ ᠭᠤᠳᠤᠮᠵᠢ ᠶᠢᠨ ᠯᠢᠦᠶ ᠯᠢᠨ ᠨᠡᠶᠢᠭᠡᠮ ᠲᠣᠭᠤᠷᠢᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠯᠠᠮᠵᠢᠲᠤ ᠦᠶ᠋ᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠭᠦᠳᠡᠨ ᠳᠤ ᠨᠢ ᠬᠦᠷᠭᠡᠪᠡ᠃     ᠥᠷᠭᠡᠨ ᠣᠯᠠᠨ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠲᠥᠷᠥ ᠶᠢᠨ ᠪᠣᠳᠣᠯᠭ᠎ᠠ ᠶᠢ ᠭᠦᠨ ᠭᠦᠨᠵᠡᠭᠡᠶ ᠨᠠᠷᠢᠨ ᠣᠶᠢᠯᠠᠭᠠᠭᠤᠯᠬᠤ ᠶᠢᠨ ᠲᠥᠯᠥᠭᠡ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠲᠣᠭᠤᠷᠢᠭ ᠤᠨ ᠰᠦᠯᠵᠢᠶᠡᠴᠢᠨ ᠡᠷᠦᠬᠡ ᠳᠤ ᠬᠦᠷᠴᠦ ᠰᠤᠷᠪᠤᠯᠵᠢᠯᠠᠬᠤ᠂ ᠤᠬᠠᠭᠤᠯᠭ᠎ᠠ ᠶᠢᠨ ᠨᠤᠭᠤᠯᠤᠭ᠎ᠠ ᠬᠠᠭᠤᠳᠠᠰᠤ ᠲᠠᠷᠬᠠᠭᠠᠬᠤ᠂ ᠰᠦᠯᠵᠢᠶᠡᠨ ᠤ ᠸᠢᠴᠠᠲ ᠤᠨ ᠬᠤᠯᠪᠤᠭ᠎ᠠ ᠵᠡᠷᠭᠡ ᠬᠡᠯᠪᠡᠷᠢ ᠪᠠᠷ ᠥᠷᠭᠡᠨ ᠣᠯᠠᠨ ᠰᠠᠭᠤᠭᠠᠯᠢ ᠠᠷᠠᠳ ᠲᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ᠂  ᠰᠦᠢᠳᠬᠡᠯ ᠲᠤᠰᠢᠶᠠᠬᠤ ᠴᠠᠭ᠂  ᠰᠦᠢᠳᠬᠡᠯ ᠲᠤᠰᠢᠶᠠᠬᠤ ᠠᠷᠭ᠎ᠠ ᠮᠠᠶ᠋ᠢᠭ ᠪᠣᠯᠤᠨ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠵᠢᠴᠢ ᠲᠠᠩᠰᠠ ᠲᠠᠶᠢᠯᠬᠤ ᠠᠷᠭ᠎ᠠ ᠶᠢ ᠴᠠᠭ ᠲᠤᠬᠠᠶ ᠳᠤᠨᠢ ᠡᠵᠡᠮᠰᠢᠭᠦᠯᠬᠦ ᠬᠡᠷᠡᠭᠲᠡᠶ᠃     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠦᠯᠵᠢᠶᠡᠴᠢᠨ ᠣᠯᠠᠨ ᠲᠦᠮᠡᠨ ᠳᠤ ᠬᠠᠮᠤᠭ ᠤᠨ ᠰᠢᠨ᠎ᠡ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠢᠴᠢ  ᠰᠦᠢᠳᠬᠡᠯ ᠲᠤᠰᠢᠶᠠᠬᠤ ᠠᠷᠭ᠎ᠠ ᠶᠢ ᠮᠡᠳᠡᠭᠦᠯᠵᠡᠶ᠃ ᠳᠠᠭᠠᠳᠬᠠᠯ ᠳᠤ ᠣᠷᠣᠯᠴᠠᠬᠤ ᠶᠢᠨ ᠴᠢᠬᠤᠯᠠ ᠴᠢᠨᠠᠷ ᠢ ᠲᠠᠨᠢᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号