ᠭᠤᠤ ᠲᠠᠢ ᠽᠢ ᠵᠡᠭᠡᠯᠢ ᠭᠤᠳᠤᠮᠵᠢ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠬᠤᠪᠢᠰᠬᠠᠯ ᠤᠨ ᠺᠢᠨᠣ᠋ ︽ᠱᠠᠩ ᠭᠠᠨ ᠯᠢᠩ ᠳᠠᠪᠠᠭ᠎ᠠ︾ ᠶᠢ ᠰᠣᠨᠢᠷᠬᠠᠪᠠ
ᠨᠡᠶᠢᠲᠡᠯᠡᠭᠰᠡᠨ ᠴᠠᠭ᠄
2020/10/30
    ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ ᠭᠤᠤ ᠲᠠᠢ ᠽᠢ ᠵᠡᠭᠡᠯᠢ ᠭᠤᠳᠤᠮᠵᠢ ᠶᠢᠨ ᠭᠤᠤ ᠲᠠᠢ ᠽᠢ ᠲᠣᠰᠬᠤᠨ ᠤ 20 ᠭᠠᠷᠤᠢ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠵᠤ ᠬᠤᠪᠢᠰᠬᠠᠯ ᠤᠨ ᠺᠢᠨᠣ᠋ ︽ᠱᠠᠩ ᠭᠠᠨ ᠯᠢᠩ︾ ᠢ ᠰᠣᠨᠢᠷᠬᠠᠪᠠ᠃    ︽ᠱᠠᠩ ᠭᠠᠨ ᠯᠢᠩ ᠳᠠᠪᠠᠭ᠎ᠠ︾ ᠳᠤ 1952 ᠤᠨ ᠨᠠᠮᠤᠷ ᠲᠠᠨᠢᠯᠴᠠᠭᠤᠯᠵᠤ᠂ ᠳᠡᠯᠡᠬᠡᠢ ᠳᠤ ᠠᠯᠳᠠᠷᠰᠢᠭᠰᠠᠨ ᠱᠠᠩ ᠭᠠᠨ ᠯᠢᠩ ᠤᠨ ᠳᠠᠶᠢᠯᠠᠯᠳᠤᠭᠠᠨ ᠡᠭᠦᠰᠪᠡ᠃ ᠠᠮᠧᠷᠢᠺᠠ ᠴᠡᠷᠢᠭ ᠤᠨ ᠲᠦᠷᠢᠮᠡᠬᠡᠶᠢᠯᠡᠭᠴᠢᠳ ᠫᠠᠨᠮᠦ᠋ᠨ ᠳᠡᠯᠭᠡᠭᠦᠷ ᠲᠤ ᠳᠠᠶᠢᠨ ᠵᠣᠭᠰᠣᠬᠤ ᠬᠡᠯᠡᠯᠴᠡᠭᠡ ᠬᠢᠬᠦ ᠬᠤᠭᠤᠴᠠᠭ᠎ᠠ ᠦᠭᠡᠢ ᠬᠤᠷᠠᠯ ᠵᠠᠪᠰᠠᠷᠯᠠᠭᠰᠠᠨ ᠤ ᠳᠠᠷᠠᠭ᠎ᠠ᠂ ᠲᠠᠶᠢᠨ ᠳᠠᠵᠢᠨ ᠢᠶᠠᠷ ᠰᠣᠯᠣᠩᠭᠤᠰ ᠤᠨ ᠠᠰᠠᠭᠤᠳᠠᠯ ᠢ ᠰᠢᠢᠳᠪᠦᠷᠢᠯᠡᠬᠦ ᠪᠠᠷ ᠳᠡᠮᠡᠶᠢᠷᠡᠨ ᠭᠤᠷᠢᠳᠠᠵᠤ ᠪᠠᠶᠢᠨ᠎ᠠ ᠁ ᠨᠢᠭᠡ ᠨᠢᠭᠡ ᠪᠠᠷ ᠤᠯᠠᠮᠵᠢᠯᠠᠭᠳᠠᠭᠰᠠᠨ ᠰᠣᠩᠭᠤᠳᠠᠭ ᠬᠤᠪᠢᠰᠬᠠᠯ ᠤᠨ ᠦᠯᠢᠭᠡᠷ ᠤᠳ ᠢᠶᠠᠷ ᠡᠪ ᠬᠠᠮᠲᠤᠴᠤᠳ ᠤᠨ ᠭᠡᠷᠡᠯ ᠰᠠᠴᠤᠷᠠᠩᠭᠤᠢ ᠲᠦᠷᠢ ᠲᠥᠷᠬᠦ ᠶᠢ ᠪᠦᠷᠢᠨ ᠭᠦᠢᠴᠡᠳ ᠢᠯᠡᠷᠡᠭᠦᠯᠵᠡᠢ᠃ ᠮᠠᠨ ᠤ ᠨᠠᠮ ᠤᠨ ᠳᠣᠮᠤᠭ᠂ ᠠᠭᠤᠤ ᠦᠢᠯᠡᠰ ᠢ ᠡᠭᠦᠳᠦᠨ ᠪᠦᠲᠦᠭᠡᠭᠰᠡᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢᠨ ᠠᠮᠢᠳᠤᠯᠢᠭ ᠵᠢᠷᠤᠭ ᠢ ᠭᠦᠶ᠋ᠴᠡᠳ ᠢᠯᠡᠷᠡᠭᠦᠯᠵᠡᠶ᠃     ᠤᠯᠠᠭᠠᠨ ᠺᠢᠨᠣ᠋ ᠦᠵᠡᠬᠦ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠷᠠᠳ ᠲᠦᠮᠡᠨ ᠤ ᠵᠣᠯ ᠵᠢᠷᠭᠠᠯ ᠤᠨ ᠠᠮᠢᠳᠤᠷᠠᠯ ᠳᠤ ᠵᠣᠷᠢᠭᠤᠯᠤᠭᠰᠠᠨ ᠦᠷᠡᠭᠳᠡᠯ ᠢ ᠭᠦᠨᠵᠡᠭᠡᠶ ᠲᠠᠨᠢᠵᠠᠶ᠃ ᠨᠠᠮ ᠤᠨ ᠭᠡᠰᠢᠭᠦᠨ ᠤᠯᠠᠨ ᠲᠦᠮᠡᠨ ᠤ ᠦᠵᠡᠯ ᠰᠠᠨᠠᠭ᠎ᠠ ᠤᠬᠠᠮᠰᠠᠷ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠭᠤᠯᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号