ᠸᠤ᠋ ᠨᠢᠤ ᠾᠧ ᠪᠠᠯᠭᠠᠰᠤ ᠨᠠᠰᠤᠲᠠᠶᠢᠴᠥᠳ ᠤᠨ ᠮᠡᠳᠡᠭᠡ ᠵᠠᠩᠭᠢ ᠶᠢ ᠴᠤᠭᠯᠠᠭᠤᠯᠤᠨ ᠣᠷᠣᠭᠤᠯᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/10/30
    ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ ᠎ᠠ ᠪᠠᠷ ᠰᠠᠶᠢᠲᠤᠷ ᠬᠢᠬᠦ ᠶᠢᠨ ᠲᠥᠯᠥᠭᠡ᠂ ᠸᠤ᠋ ᠨᠢᠤ ᠾᠧ ᠪᠠᠯᠭᠠᠰᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠪᠦᠬᠦ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠡᠬᠢᠯᠡᠭᠦᠯᠵᠦ᠂ ᠨᠠᠰᠤᠵᠢᠯ ᠤᠨ ᠬᠥᠮᠦᠨ ᠠᠮᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠬᠤ ᠪᠠ ᠰᠢᠩᠭᠡᠭᠡᠨ ᠣᠷᠣᠭᠤᠯᠬᠤ ᠬᠡᠷᠡᠭᠲᠡᠶ᠃     ᠨᠠᠰᠤᠲᠠᠶᠢᠴᠤᠳ ᠤᠨ ᠬᠥᠮᠦᠨ ᠠᠮᠠ ᠶᠢᠨ ᠮᠡᠳᠡᠭᠡ ᠵᠠᠩᠭᠢ ᠶᠢᠨ ᠪᠦᠷᠢᠳᠬᠡᠯ ᠤᠨ ᠺᠠᠷᠲ᠂ ᠪᠦᠷᠢᠳᠬᠡᠯ ᠤᠨ ᠬᠦᠰᠦᠨᠦᠭᠲᠦ ᠶᠢ ᠪᠦᠬᠦ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠨᠠᠩ ᠰᠠᠶᠢᠨ ᠠᠭᠤᠰᠤᠯᠴᠠᠭᠤᠯᠬᠤ ᠶᠢᠨ ᠲᠥᠯᠥᠭᠡ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠡᠨᠡ ᠬᠦ ᠰᠢᠰᠲ᠋ᠧᠮ ᠨᠢ  ᠨᠠᠰᠤᠲᠠᠶᠢᠴᠤᠳ ᠤᠨ ᠬᠥᠮᠦᠨ ᠠᠮᠠ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠪᠦᠷᠢᠳᠬᠡᠬᠦ ᠴᠢᠳᠠᠮᠵᠢ ᠲᠠᠢ ᠪᠠᠶᠢᠵᠤ᠂ ᠱᠠᠲᠤ ᠦᠶ᠎ᠡ ᠬᠤᠪᠢᠶᠠᠨ ᠥᠲᠡᠭᠦᠰ ᠤᠨ ᠬᠥᠮᠦᠨ ᠠᠮᠠ ᠶᠢᠨ ᠡᠷᠡᠭᠦᠯ ᠮᠡᠨᠳᠦ ᠶᠢᠨ ᠪᠠᠶᠢᠳᠠᠯ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠪᠠᠶᠢᠭ᠎ᠠ ᠪᠠᠶᠢᠳᠠᠯ᠂ ᠦᠨᠳᠦᠰᠦᠨ ᠣᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡ ᠶᠢ ᠬᠦᠯᠢᠶᠡᠵᠦ ᠪᠠᠶᠢᠭ᠎ᠠ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠬᠡᠨ ᠤ ᠪᠠᠶᠢᠳᠠᠯ ᠢ ᠰᠢᠰᠲ᠋ᠧᠮ ᠲᠠᠢ ᠡᠵᠡᠮᠰᠢᠵᠦ ᠪᠣᠯᠤᠨ᠎ᠠ᠃ ᠡᠭᠦᠨ ᠤ ᠬᠠᠮᠲᠤ ᠨᠡᠭᠡᠭᠡᠯᠲᠡᠲᠦ ᠪᠦᠷᠢᠳᠬᠡᠯ ᠵᠢᠴᠢ ᠪᠠᠶᠢᠴᠠᠭᠠᠨ ᠯᠠᠪᠯᠠᠬᠤ ᠴᠢᠳᠠᠮᠵᠢ ᠶᠢ ᠲᠣᠭᠲᠠᠭᠠᠪᠠ᠃     ᠣᠶᠢᠯᠠᠭᠠᠭᠰᠠᠨ ᠢᠶᠠᠷ᠂ ᠸᠤ᠋ ᠨᠢᠤ ᠾᠧ ᠪᠠᠯᠭᠠᠰᠤᠨ ᠤ 20 ᠭᠠᠷᠤᠶ ᠲᠥᠯᠥᠪᠯᠡᠭᠡᠲᠦ ᠦᠷᠡᠵᠢᠯ ᠤᠨ ᠺᠠᠳ᠋ᠷ ᠨᠡᠶᠢᠲᠡ ᠰᠠᠷ᠎ᠠ ᠬᠠᠭᠠᠰ ᠤᠨ ᠴᠠᠭ ᠬᠡᠷᠡᠭᠯᠡᠵᠦ᠂ ᠪᠥᠬᠦ ᠪᠠᠯᠭᠠᠰᠤᠨ ᠤ ᠪᠦᠬᠦᠯᠢ 60 ᠨᠠᠰᠤᠨ ᠠᠴᠠ ᠳᠡᠭᠡᠭᠰᠢᠬᠢ 4505 ᠨᠠᠰᠤᠵᠢᠯ ᠤᠨ ᠬᠥᠮᠦᠨ ᠠᠮᠠ ᠶᠢ ᠮᠡᠳᠡᠭᠡ ᠵᠠᠩᠭᠢᠵᠢᠭᠤᠯᠤᠨ ᠴᠤᠭᠯᠠᠭᠤᠯᠬᠤ ᠪᠠ ᠰᠢᠩᠭᠡᠭᠡᠨ ᠣᠷᠣᠭᠤᠯᠬᠤ ᠠᠵᠢᠯ ᠢ ᠪᠡᠶᠡᠯᠡᠭᠦᠯᠪᠡ᠃ ᠡᠨᠡᠬᠦ ᠠᠵᠢᠯ ᠢ ᠥᠷᠨᠢᠭᠦᠯᠦᠭᠰᠡᠨ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ᠂ ᠨᠠᠰᠤᠵᠢᠯ ᠤᠨ ᠪᠠᠲᠤᠯᠠᠭ᠎ᠠ ᠵᠡᠷᠭᠡ ᠠᠵᠢᠯ ᠢ ᠤᠷᠤᠭᠰᠢᠲᠠᠶ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号