ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020/10/30
    ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠡᠶᠢᠭᠡᠮ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠠᠷ ᠭᠠᠷᠳᠠᠴᠠ ᠪᠣᠯᠭᠠᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃     ᠨᠢᠭᠡ ᠳᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠦᠨ᠎ᠡ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠦᠨᠡᠨ ᠬᠦ ᠴᠢᠩᠭᠠᠳᠬᠠᠨ᠎ᠠ᠃ ᠲᠣᠰ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠭᠠᠵᠠᠷ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠤᠳᠠᠭ᠎ᠠ ᠲᠥᠪᠯᠡᠷᠡᠭ ᠦᠯᠦᠨ ᠥᠷᠨᠢᠭᠦᠯᠪᠡ᠃ ᠬᠠᠤᠯᠢ ᠴᠠᠭᠠᠵᠠ ᠶᠢᠨ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠷᠢᠶ᠎ᠠ ᠯᠣᠽᠦ᠋ᠩ ᠡᠯᠭᠦᠬᠦ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠬᠤᠶᠠᠷ ᠲᠤ᠂ ᠡᠳᠦᠷ ᠲᠤᠲᠤᠮ ᠤᠨ ᠴᠢᠩᠭ᠎ᠠ ᠠᠳᠬᠤᠬᠤ ᠶᠢ ᠪᠠᠶᠢᠩᠭᠤ ᠠᠳᠬᠤᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠤᠨ᠎ᠠ᠃ ᠴᠡᠪᠡᠷ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠲᠣᠰ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠠᠯᠭᠠᠰᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠳ᠋ᠠ ᠾᠧ ᠸᠠᠨ ᠲᠣᠰᠬᠤᠨ ᠪᠣᠯᠤᠨ ᠳ᠋ᠠ ᠰᠢᠩ ᠵᠢᠤᠢ ᠵᠡᠷᠭᠡ ᠰᠠᠯᠠᠭ᠎ᠠ ᠮᠥᠴᠢᠷ ᠲᠠᠢ ᠣᠯᠠᠨ ᠤᠳᠠᠭ᠎ᠠ ᠬᠠᠮᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ᠃ ᠵᠠᠮ ᠡᠵᠡᠯᠡᠭᠰᠡᠨ ᠡᠵᠡᠩᠨᠡᠯᠲᠡ ᠶᠢ ᠢᠳᠬᠠᠨ ᠰᠤᠷᠭᠠᠵᠤ᠂ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨᠡᠬᠢ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠳ᠋ᠠ ᠾᠧ ᠸᠠᠨ ᠪᠠᠯᠭᠠᠰᠤᠨ ᠤ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠨᠠᠩ ᠰᠠᠶᠢᠲᠤᠷ ᠥᠷᠨᠢᠭᠦᠯᠬᠦ ᠲᠤ ᠬᠦᠴᠦᠨ ᠨᠡᠮᠡᠷᠢᠯᠡᠨ᠎ᠡ᠃     ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠦᠨ᠎ᠡ᠃ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠳᠡᠬᠡᠳᠦ ᠱᠠᠲᠤᠨ ᠤ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠷᠢᠨ ᠬᠢᠨᠠᠮᠠᠭᠠᠶ ᠰᠤᠳᠤᠯᠤᠨ ᠰᠤᠷᠤᠯᠴᠠᠵᠤ᠂ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶ᠎ᠡ᠂ ᠬᠠᠤᠯᠢ ᠬᠡᠷᠡᠭᠵᠢᠭᠦᠯᠬᠦ ᠡᠷᠬᠡ ᠮᠡᠳᠡᠯ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠪᠠ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳ ᠣᠷᠬᠠᠶᠢᠯᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠣᠷᠣᠨ ᠪᠠᠶᠢᠷᠢ ᠠᠴᠠ ᠳᠠᠪᠠᠭ᠋ᠤ ᠦᠭᠡᠢ᠂ ᠣᠷᠣᠨ ᠪᠠᠶᠢᠷᠢ ᠪᠤᠷᠤᠭᠤᠳᠬᠤ ᠦᠬᠡᠢ᠂ ᠣᠷᠣᠨ ᠪᠠᠶᠢᠷᠢ ᠠᠴᠠ ᠳᠤᠲᠠᠬᠤ ᠦᠭᠡᠢ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号