︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠠᠩᠬᠠᠷᠴᠤ᠂ ᠮᠡᠳᠡᠯᠭᠡ ᠪᠦᠬᠦᠨ ᠢ ᠡᠵᠡᠮᠰᠢᠮᠦ︕ ︵ᠳᠤᠤᠷᠠᠳᠤ︶
ᠨᠡᠶᠢᠲᠡᠯᠡᠭᠰᠡᠨ ᠴᠠᠭ᠄
2020/10/30
    ᠵᠢᠷᠠᠨ ᠨᠠᠶᠢᠮᠠᠳᠤᠭᠠᠷ ᠵᠦᠢᠯ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠵᠤ ᠬᠢᠵᠠᠭᠠᠷᠯᠠᠬᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ︔     ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ     ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠴᠤᠭᠯᠠᠭᠤᠯᠤᠭᠰᠠᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠪᠠ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠴᠠᠭ ᠲᠤᠬᠠᠢ ᠳᠤᠨᠢ ᠵᠠᠳᠠᠯᠤᠨ ᠰᠢᠨᠵᠢᠯᠡᠵᠤ᠂ ᠪᠠᠶᠢᠴᠠᠭᠠᠨ ᠰᠤᠳᠤᠯᠵᠤ᠂ ᠬᠢᠨᠠᠨ ᠮᠠᠭᠠᠳᠯᠠᠬᠰᠠᠨ ᠦᠭᠡᠢ︔     ︵ᠲᠦᠷᠪᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠲᠤᠰᠢᠶᠠᠯ ᠬᠠᠷᠢᠭᠤᠴᠠᠯᠭ᠎ᠠ ᠶᠤᠰᠤᠭᠠᠷ ᠲᠤᠰ ᠬᠠᠤᠯᠢ ᠳᠤ ᠲᠤᠭᠳᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ︔     ︵ᠲᠠᠪᠤ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠶᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃     ᠵᠢᠷᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ ᠂ ᠲᠡᠯᠬᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠬᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠵᠢᠯ᠂ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠡᠬᠦᠷᠭᠡ ᠪᠠ ᠬᠠᠷᠢᠭᠤᠴᠠᠯᠭᠠᠳᠤ ᠤᠷᠤᠨ ᠤ ᠪᠠᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠲᠤᠭᠳᠠᠭᠠᠯ ᠶᠤᠰᠤᠭᠠᠷ ᠦᠯᠦ ᠡᠭᠦᠷᠭᠡᠯᠡᠭᠰᠡᠨ︔     ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔     ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠴᠢᠯᠡᠵᠤ ᠠᠪᠤᠷᠠᠬᠤ᠂ ᠲᠤᠬᠠᠢ ᠶᠢᠨ ᠲᠠᠯᠠᠪᠤᠷ ᠲᠤᠨᠢ ᠠᠪᠤᠷᠠᠵᠤ ᠲᠤᠰᠠᠯᠠᠬᠤ᠂ ᠤᠨᠤᠰᠢᠯᠠᠬᠤ᠂ ᠰᠢᠯᠵᠢᠬᠦᠯᠦᠨ ᠤᠨᠤᠰᠢᠯᠠᠬᠤ ᠦᠢᠯᠡᠴᠢᠯᠡᠭᠡ ᠶᠢ ᠲᠤᠭᠳᠠᠭᠠᠯ ᠶᠤᠰᠤᠭᠠᠷ ᠦᠯᠦ ᠬᠠᠨᠭ᠍ᠭᠠᠭᠰᠠᠨ᠂ ᠡᠰᠡᠬᠦᠯ᠎ᠡ ᠰᠢᠯᠵᠢᠬᠦᠯᠦᠨ ᠤᠨᠤᠰᠢᠯᠠᠬᠤ ᠶᠢ ᠬᠦᠯᠢᠶᠡᠵᠦ ᠠᠪᠬᠤ ᠶᠢ ᠲᠡᠪᠴᠢᠭᠰᠡᠨ︔     ︵ᠳᠥᠷᠪᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠲᠠᠯᠠᠪᠤᠷ ᠭᠠᠵᠠᠷ᠂ ᠡᠳ᠋ ᠪᠤᠳᠠᠰ ᠵᠢᠴᠢ ᠡᠮᠴᠢᠯᠡᠬᠡᠨ ᠤ ᠬᠠᠶᠠᠭᠳᠠᠮᠠᠯ ᠡᠳ᠋ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ ᠪᠤᠶᠤ ᠬᠤᠤᠷ ᠦᠭᠡᠶᠢᠵᠢᠬᠦᠯᠦᠨ ᠰᠢᠢᠳᠪᠤᠷᠢᠯᠡᠭᠰᠡᠨ ᠦᠭᠡᠢ︔     ︵ᠲᠠᠪᠤ︶ ᠡᠮᠴᠢᠯᠡᠬᠡᠨ ᠤ ᠪᠠᠭᠠᠵᠢ ᠬᠡᠷᠡᠭᠯᠡᠬᠦᠷ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ᠂ ᠡᠰᠡᠬᠦᠯ᠎ᠡ ᠲᠤᠭᠳᠠᠭᠠᠯ ᠶᠤᠰᠤᠭᠠᠷ ᠨᠢᠭᠡ ᠯᠠ ᠤᠳᠠᠭ᠎ᠠ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ ᠦᠭᠡᠶᠢᠬᠢᠭᠰᠡᠨ ᠦᠭᠡᠢ ᠪᠠᠷ ᠲᠠᠬᠢᠨ ᠬᠡᠷᠡᠭᠯᠡᠭᠰᠡᠨ︔     ︵ᠵᠢᠷᠭᠤᠭ᠎ᠠ︶ ᠡᠮᠨᠡᠵᠤ ᠠᠪᠤᠷᠠᠬᠤ ᠶᠠᠪᠤᠴᠠ ᠳᠠᠭᠠᠨ ᠠᠨᠠᠭᠠᠬᠤ ᠤᠬᠠᠭᠠᠨ ᠤ ᠲᠡᠮᠳᠡᠭᠯᠡᠯ ᠮᠠᠲ᠋ᠧᠷᠢᠶᠠᠯ ᠢ ᠲᠤᠭᠳᠠᠭᠠᠯ ᠶᠤᠰᠤᠭᠠᠷ ᠡᠰᠡ ᠬᠠᠳᠠᠭᠠᠯᠠᠨ ᠬᠠᠮᠢᠶᠠᠷᠤᠭᠰᠠᠨ︔     ︵ᠲᠤᠯᠤᠭ᠎ᠠ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠶᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃     ᠲᠠᠯᠠᠳᠤᠭᠠᠷ ᠵᠦᠢᠯ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ ᠂ ᠡᠰᠡᠬᠦᠯ᠎ᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠭᠰᠡᠨ ᠦᠭᠡᠢ ᠠᠴᠠ ᠪᠤᠯᠵᠤ ᠶᠡᠬᠦᠯᠡᠭᠰᠡᠨ ᠴᠢᠰᠦ ᠨᠢ ᠴᠢᠰᠤ ᠪᠠᠷ ᠳᠠᠮᠵᠢᠬᠤ ᠡᠪᠡᠳᠴᠢᠨ ᠢ ᠡᠬᠦᠰᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠤᠭᠰᠠᠨ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ ᠬᠤᠳᠠᠯᠳᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠴᠠᠭᠠᠵᠠᠯᠠᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠬᠡᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠳᠠᠯᠠᠨ ᠨᠢᠭᠡᠳᠦᠭᠡᠷ ᠵᠦᠢᠯ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠪᠠᠶᠢᠭᠤᠯᠭ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠲᠠᠯᠠᠨ ᠬᠤᠶᠠᠳᠤᠭᠠᠷ ᠵᠦᠢᠯ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠡᠵᠡᠩᠨᠡᠯᠳᠡ ᠶᠢᠨ ᠨᠢᠭᠡᠴᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠭᠡᠷᠡᠭᠯᠡᠬᠦᠷ ᠢ ᠡ᠊ᠩ ᠲᠡᠷᠢᠬᠦᠨ ᠳᠤ ᠵᠥᠭᠡᠭᠡᠪᠦᠷᠢᠯᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠤᠨ᠎ᠠ︔ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ᠃     ᠲᠠᠯᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠠᠳ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠬᠦᠷᠥᠭᠦᠯᠬᠦ ᠪᠤᠯᠤᠯᠴᠠᠭ᠎ᠠ ᠲᠠᠢ ᠪᠤᠯᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠭᠡᠵᠦ ᠪᠤᠯᠤᠨ᠎ᠠ︔ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠦᠨᠡᠮᠯᠡᠯ ᠤᠯᠭᠤᠭᠰᠠᠨ ᠤᠤᠯ ᠤᠨ ᠰᠠᠯᠠᠭ᠎ᠠ ᠮᠦᠴᠢᠷ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠬᠠᠨᠭ᠍ᠭᠠᠭᠰᠠᠨ ᠤᠤᠭᠤᠬᠤ ᠤᠰᠤ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔     ︵ᠬᠤᠶᠠᠷ︶ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔     ︵ᠭᠤᠷᠪᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔     ︵ᠲᠦᠷᠪᠡ︶ ᠬᠢᠵᠢᠭᠳᠦ ᠤᠷᠤᠨ ᠳᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠯᠤᠯᠴᠠᠭ᠎ᠠ ᠲᠠᠢ ᠡᠳ᠋ ᠪᠤᠳᠠᠰ ᠢ ᠠᠷᠢᠭᠤᠳᠬᠠᠵᠤ ᠰᠢᠢᠳᠪᠤᠷᠢᠯᠡᠭᠰᠡᠨ ᠦᠭᠡᠢ ᠪᠠᠷ ᠬᠤᠳᠠᠯᠳᠤᠭᠰᠠᠨ᠂ ᠲᠡᠭᠡᠭᠡᠪᠦᠷᠢᠯᠡᠭᠰᠡᠨ︔     ︵ᠲᠠᠪᠤ︶ ᠠᠮᠢᠳᠤ ᠪᠤᠳᠠᠰ ᠤᠨ ᠪᠦᠲᠦᠭᠡᠭᠳᠡᠭᠦᠨ ᠦᠢᠯᠡᠳᠪᠦᠷᠢᠯᠡᠬᠦ ᠨᠢᠭᠡᠴᠢ ᠶᠢᠨ ᠦᠢᠯᠡᠳᠪᠦᠷᠢᠯᠡᠭᠰᠡᠨ ᠴᠢᠰᠤᠨ ᠤ ᠪᠦᠳᠦᠭᠡᠭᠳᠡᠬᠦᠨ ᠨᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ ᠨᠠᠶᠢᠴᠡᠬᠦ᠃     ᠲᠠᠯᠠᠨ ᠲᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ᠂ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠳᠡᠭ ᠨᠢᠭᠡᠴᠢ ᠨᠢ ᠤᠯᠤᠰ ᠠᠴᠠ ᠲᠤᠭᠳᠠᠭᠠᠭᠰᠠᠨ ᠨᠦᠬᠦᠴᠡᠯ ᠪᠠ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠦᠯᠢᠭᠡᠷ ᠡᠳ᠋ ᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠤᠭᠰᠠᠨ ᠦᠭᠡᠢ ᠠᠴᠠ ᠪᠤᠯᠵᠤ ᠲᠤᠷᠰᠢᠯᠳᠠ ᠶᠢᠨ ᠲᠠᠰᠤᠭ ᠤᠨ ᠬᠠᠯᠳᠠᠪᠤᠷᠢᠯᠠᠯ ᠢ ᠡᠭᠦᠰᠬᠡᠭᠰᠡᠨ ᠪᠠ ᠡᠪᠡᠳᠴᠢᠨ ᠡᠬᠦᠰᠬᠡᠬᠦ ᠮᠢᠺᠷᠤᠪ ᠢ ᠲᠠᠷᠬᠠᠭᠠᠭᠰᠠᠨ︔     ︵ᠬᠤᠶᠠᠷ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠤ᠂ ᠬᠠᠯᠳᠠᠪᠤᠷᠢᠳᠤ ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠦᠯᠢᠭᠡᠷ ᠡᠳ᠋ ᠢ ᠴᠤᠭᠯᠠᠭᠤᠯᠵᠤ᠂ ᠬᠠᠳᠠᠭᠠᠯᠠᠵᠤ᠂ ᠠᠪᠴᠤ ᠶᠠᠪᠤᠵᠤ᠂ ᠲᠡᠭᠡᠭᠡᠪᠦᠷᠢᠯᠡᠭᠰᠡᠨ ᠪᠠ ᠬᠡᠷᠡᠭᠯᠡᠭᠰᠡᠨ︔     ︵ᠭᠤᠷᠪᠠ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠯᠦ ᠬᠡᠷᠡᠭᠵᠢᠬᠦᠯᠵᠦ᠂ ᠴᠢᠰᠤ ᠶᠡᠬᠦᠯᠡᠬᠦ᠂ ᠴᠢᠰᠤᠨ ᠤ ᠪᠦᠳᠦᠭᠡᠭᠳᠡᠬᠦᠨ ᠢ ᠬᠡᠷᠡᠭᠯᠡᠭᠰᠡᠨ ᠠᠴᠠ ᠪᠤᠯᠵᠤ ᠴᠢᠰᠤ ᠪᠠᠷ ᠳᠠᠮᠵᠢᠬᠤ ᠡᠪᠡᠳᠴᠢᠨ ᠡᠮᠬᠡᠭ ᠢ ᠡᠬᠦᠰᠭᠡᠭᠰᠡᠨ᠃ ᠲᠠᠯᠠᠨ ᠲᠠᠪᠤᠳᠤᠭᠠᠷ ᠵᠦᠢᠯ ᠬᠢᠵᠢᠭ ᠤᠨ ᠪᠠᠶᠢᠴᠠᠭᠠᠯᠳᠠ ᠬᠢᠭᠰᠡᠨ ᠦᠭᠡᠢ ᠪᠠᠷ ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ ᠲᠠᠢ ᠬᠤᠯᠪᠤᠭᠳᠠᠯ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ ᠬᠤᠳᠠᠯᠳᠤᠵᠤ᠂ ᠲᠡᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠤ ᠠᠬᠤᠢ ᠮᠠᠯ ᠡᠮᠨᠡᠯᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠶᠢᠨ ᠬᠠᠮᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃     ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ᠤᠨ ᠰᠣᠷᠪᠤᠯᠵᠢᠳᠤ ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ ᠵᠡᠷᠬᠡ ᠶᠢᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠪᠠᠶᠢᠭᠤᠯᠬᠤ ᠳᠠᠭᠠᠨ ᠡᠷᠡᠬᠦᠯ ᠬᠠᠮᠠᠭᠠᠯᠠᠯ ᠤᠨ ᠪᠠᠶᠢᠴᠠᠭᠠᠯᠳᠠ ᠬᠢᠭᠰᠡᠨ ᠦᠭᠡᠢ ᠪᠠᠷ ᠠᠵᠢᠯ ᠡᠬᠢᠯᠡᠬᠦᠯᠦᠭᠰᠡᠨ᠂ ᠡᠰᠡᠬᠦᠯ᠎ᠡ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠨᠠᠯ ᠢᠶᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠴᠤ᠂ ᠲᠡᠪᠤᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠨ᠎ᠡ︔ ᠬᠤᠭᠤᠴᠠᠭ᠎ᠠ ᠬᠡᠳᠦᠷᠡᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠤᠷᠪᠠᠨ ᠲᠦᠮᠡᠨ ᠲᠦᠬᠦᠷᠢᠭ ᠠᠴᠠ ᠲᠡᠭᠡᠭᠰᠢ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠬᠦ ᠶᠢᠨ ᠬᠠᠮᠳᠤ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠳᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠪᠠᠨ ᠦᠨᠳᠦᠰᠦᠯᠡᠨ ᠵᠠᠷᠯᠢᠭᠳᠠᠵᠤ ᠪᠠᠶᠢᠭᠤᠯᠬᠤ ᠠᠵᠢᠯ ᠢ ᠨᠢ ᠵᠤᠭᠰᠤᠭᠠᠵᠤ᠂ ᠡᠬᠦᠳᠡ ᠶᠢ ᠨᠢ ᠬᠠᠭᠠᠯᠭᠠᠬᠤ ᠪᠠᠷ ᠰᠠᠨᠠᠯ ᠲᠡᠪᠰᠢᠬᠦᠯᠵᠦ ᠪᠤᠯᠤᠨ᠎ᠠ᠃     ᠲᠠᠯᠠᠨ ᠲᠤᠯᠤᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠬᠠᠤᠯᠢ ᠶᠢᠨ ᠲᠤᠭᠳᠠᠭᠠᠯ ᠢ ᠵᠦᠷᠢᠴᠡᠭᠰᠡᠨ ᠠᠴᠠ ᠪᠤᠯᠵᠤ ᠬᠠᠯᠳᠠᠪᠤᠷᠢᠳᠤ ᠡᠪᠡᠳᠴᠢᠨ ᠲᠠᠷᠬᠠᠬᠤ᠂ ᠳᠡᠯᠭᠡᠷᠡᠬᠦ ᠳᠤ ᠬᠦᠷᠦᠭᠦᠯᠵᠦ᠂ ᠪᠤᠰᠤᠳ ᠤᠨ ᠪᠡᠶ᠎ᠡ ᠮᠠᠬᠠᠪᠤᠳ᠂ ᠡᠳ᠋ ᠬᠦᠷᠦᠩᠬᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号