ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/10/30
    ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠡᠷᠡᠰ ᠨᠠᠶᠢᠳᠠᠪᠤᠷᠢᠯᠵᠢᠭᠤᠵᠤ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠵᠡᠷᠭᠡ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠢᠭᠡᠨᠲᠡ ᠬᠦᠴᠦᠨ ᠦᠭᠡᠶ ᠪᠣᠯᠭᠠᠭᠰᠠᠨ᠂ ᠲᠠᠲᠠᠪᠤᠷᠢᠯᠠᠬᠤ᠂ ᠲᠠᠲᠠᠪᠤᠷᠢᠯᠠᠬᠤ ᠶᠢ ᠵᠣᠭᠰᠣᠭᠠᠬᠤ ᠵᠢᠴᠢ ᠲᠠᠲᠠᠪᠤᠷᠢᠯᠠᠬᠤ ᠪᠠᠷᠢᠮᠵᠢᠶ᠎ᠠ ᠶᠢ ᠪᠠᠭᠤᠷᠠᠭᠤᠯᠤᠭᠰᠠᠨ ᠰᠦᠶ᠋ᠳᠬᠡᠯ ᠬᠤᠷᠢᠶᠠᠬᠤ ᠰᠠᠭᠤᠷᠢ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠨᠠᠶᠢᠳᠠᠪᠤᠷᠢᠵᠢᠭᠤᠯᠬᠤ ᠶᠢᠨ ᠳᠥᠯᠦᠭᠡ᠂ ᠡᠳ᠋ ᠤᠨ ᠵᠠᠰᠠᠭ ᠤᠨ ᠶᠠᠮᠤᠨ ︽ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ︵ᠡᠳ᠋ ᠬᠥᠮᠥᠷᠭᠡ ︹ 2020 ︺ 23 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠃ ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃     ᠠᠰᠠᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖     ᠬᠠᠷᠢᠭᠤᠯᠲᠠ᠄ 2020 ᠣᠨ ᠠᠴᠠ ᠨᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠶᠠᠮᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠣᠯᠤᠨ ᠬᠤᠷᠸ᠎ᠠ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠭᠲᠠᠭᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠠᠶᠢᠯᠢ  ᠰᠦᠢᠳᠬᠡᠯ ᠤᠨ ᠳᠡᠮᠵᠢᠯᠭᠡ ᠦᠵᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠪᠠᠶᠢᠴᠠᠭᠠᠨ ᠰᠤᠳᠤᠯᠤᠯᠲᠠ ᠬᠢᠭᠡᠳ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠲᠠᠯ᠎ᠠ ᠪᠠᠷ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠨᠢᠭᠡ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠬᠡᠰᠡᠭ  ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠮᠥᠷᠳᠡᠨ ᠬᠡᠷᠡᠭᠵᠢᠭᠦᠯᠪᠡᠯ᠂ ᠪᠤᠴᠠᠭᠠᠨ ᠥᠭᠬᠦ ᠲᠤ ᠬᠠᠶᠢᠯᠠᠭᠰᠠᠨ ᠠᠵᠢᠯ ᠪᠤᠰᠤᠳᠴᠢ ᠪᠠᠶᠢᠳᠠᠯ ᠳᠤ ᠪᠣᠶ ᠪᠣᠯᠤᠨ᠎ᠠ᠃ ᠬᠤᠶᠠᠷ ᠲᠤ ᠬᠡᠰᠡᠭ ᠵᠣᠭᠤᠰ ᠲᠤᠰᠢᠶᠠᠭᠴᠢ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠬᠤ ᠥᠬᠡᠶ᠂ ᠮᠥᠨ ᠤᠤᠯ ᠤᠨ ᠪᠠᠷᠢᠮᠵᠢᠶ᠎ᠠ ᠶᠣᠰᠣᠭᠠᠷ ᠳᠡᠭᠡᠭᠰᠢ ᠭᠠᠶᠢᠯᠢ ᠶᠢᠨ ᠪᠤᠰᠤ ᠣᠷᠣᠯᠭ᠎ᠠ ᠶᠢ ᠲᠤᠰᠢᠶᠠᠨ᠎ᠠ᠃ ᠭᠤᠷᠪᠠ ᠳᠤ ᠬᠢᠵᠢᠭ ᠤᠨ ᠪᠠᠶᠢᠳᠠᠯ ᠬᠢᠴᠢᠶᠡᠯ ᠵᠣᠭᠰᠣᠭᠰᠠᠨ ᠬᠦᠴᠦᠨ ᠵᠦᠶ᠋ᠯ ᠠᠴᠠ ᠪᠣᠯᠵᠣ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠠᠴᠠ ᠡᠮᠦᠨ᠎ᠡ ᠬᠤᠷᠢᠶᠠᠭᠰᠠᠨ ᠰᠤᠷᠭᠠᠨ ᠬᠥᠮᠦᠵᠢᠯ ᠤᠨ  ᠰᠦᠢᠳᠬᠡᠯ ᠢ ᠴᠠᠭ ᠲᠤᠬᠠᠶ ᠳᠤᠨᠢ ᠪᠤᠴᠠᠭᠠᠬᠤ ᠬᠡᠷᠡᠭᠲᠡᠶ᠃ ᠭᠡᠪᠡᠴᠦ ᠣᠳᠣ ᠶᠢᠨ ᠬᠡᠷᠡᠭᠵᠢᠭᠦᠯᠵᠦ  ᠪᠠᠶᠢᠭ᠎ᠠ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠶᠠᠪᠤᠴᠠ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠪᠤᠴᠠᠭᠠᠵᠤ ᠥᠭᠬᠦ ᠬᠤᠷᠳᠤᠴᠠ ᠨᠢ ᠨᠡᠯᠢᠶᠡᠳ ᠤᠳᠠᠭᠠᠨ ᠪᠠᠶᠢᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠢᠳᠠᠪᠤᠷᠢᠵᠢᠭᠤᠯᠬᠤ᠂ ᠡᠳ᠋ ᠤᠨ ᠵᠠᠰᠠᠭ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠬᠤ ᠶᠢ ᠪᠠᠲᠤᠯᠠᠬᠤ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠶ ᠳᠤᠨᠢ ᠪᠤᠴᠠᠭᠠᠬᠤ ᠶᠢ ᠪᠠᠲᠤᠯᠠᠬᠤ᠂ ᠭᠠᠶᠢᠯᠢ ᠶᠢᠨ ᠪᠤᠰᠤ ᠪᠤᠴᠠᠭᠠᠵᠤ ᠥᠭᠬᠦ ᠬᠠᠮᠢᠶᠠᠷᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠨ ᠨᠡᠮᠡᠷᠢᠯᠡᠬᠦ ᠶᠢ ᠱᠠᠭᠠᠷᠳᠠᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃     ᠠᠰᠠᠭᠤᠯᠲᠠ᠄ ︽ᠮᠡᠳᠡᠭᠳᠡᠯ︾ ᠳᠤ ᠪᠣᠳᠠᠲᠠᠶ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖     ᠬᠠᠷᠢᠭᠤᠯᠲᠠ᠄ ᠡᠳ᠋ ᠤᠨ ᠵᠠᠰᠠᠭ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ ︽ᠪᠤᠴᠠᠭᠠᠬᠤ᠂ ᠴᠠᠭ ᠲᠤᠬᠠᠶ ᠳᠤᠨᠢ ᠪᠤᠴᠠᠭᠠᠬᠤ︾ ᠶᠢ ᠲᠤᠪᠤᠶᠢᠯᠭᠠᠨ᠂ ᠪᠤᠴᠠᠭᠠᠵᠤ ᠥᠭᠬᠦ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃ ᠪᠣᠳᠠᠲᠠᠶ ᠠᠭᠤᠯᠭ᠎ᠠ ᠳᠤ ᠲᠠᠪᠤᠨ ᠬᠡᠰᠡᠭ ᠪᠠᠭᠲᠠᠨ᠎ᠠ᠄ ᠨᠢᠭᠡ ᠳᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠬᠤ ᠶᠣᠰᠣᠲᠠᠶ ᠪᠦᠬᠦᠨ ᠢ ᠪᠤᠴᠠᠭᠠᠬᠤ ᠶᠢ ᠪᠠᠲᠤᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠲᠣᠰ ᠭᠠᠵᠠᠷ ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠤᠴᠠᠭᠠᠨ ᠥᠭᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠬᠤᠪᠢᠳᠠᠯ ᠤᠨ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠠᠵᠢᠯ ᠢ ᠲᠦᠷᠭᠡᠳᠬᠡᠨ‌‍ᠰᠢᠢᠳᠪᠦᠷᠢᠯᠡᠨ᠎ᠡ᠃ ᠬᠤᠶᠠᠷ ᠲᠤ᠂ ᠡᠯᠧᠺᠲᠷᠣᠨ ᠢᠶᠠᠷ ᠪᠤᠴᠠᠭᠠᠨ ᠥᠭᠬᠦ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠵᠤ ᠥᠭᠬᠦ ᠶᠢ ᠢᠳᠡᠪᠬᠢᠲᠡᠶ ᠰᠦᠪᠡᠭᠴᠢᠯᠡᠨ ᠪᠡᠶᠡᠯᠡᠭᠦᠯᠬᠦ ᠶᠢ ᠱᠠᠭᠠᠷᠳᠠᠵᠠᠶ᠃ ︽ᠦᠯᠦ ᠬᠦᠷᠦᠯᠴᠡᠬᠦ︾ ᠪᠠᠷ ᠳᠠᠮᠵᠢᠭᠤᠯᠤᠨ ᠪᠤᠴᠠᠭᠠᠨ ᠥᠭᠴᠦ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠪᠠ ᠬᠤᠪᠢ ᠬᠥᠮᠦᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠭᠤᠷᠪᠠ ᠳᠤ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠬᠡᠷᠡᠭᠵᠢᠭᠦᠯᠵᠦ  ᠪᠠᠶᠢᠭ᠎ᠠ  ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠡᠯ᠎ᠡ ᠣᠷᠣᠯᠭ᠎ᠠ  ᠬᠦᠢᠴᠡᠳᠬᠡᠵᠦ  ᠪᠠᠶᠢᠭ᠎ᠠ ᠨᠢᠭᠡᠴᠡ ᠳᠣᠲᠣᠭᠠᠳᠤ ᠶᠢᠨ ᠡᠵᠡᠮᠳᠡᠯ ᠢᠶᠠᠨ ᠴᠢᠩᠭᠠᠳᠬᠠᠵᠤ᠂ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠳᠣᠲᠣᠭᠠᠳᠤ ᠶᠢᠨ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠵᠠᠶ᠂ ᠪᠤᠴᠠᠭᠠᠨ ᠥᠭᠬᠦ ᠪᠡᠯᠡ ᠮᠥᠩᠭᠦ ᠶᠢ ᠳᠠᠬᠢᠨ ᠬᠢᠨᠠᠬᠤ ᠳᠦᠷᠢᠮ ᠢ ᠬᠡᠷᠡᠭᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠵᠤ ᠲᠤᠰᠢᠶᠠᠬᠤ ᠪᠠ ᠪᠤᠴᠠᠭᠠᠨ ᠥᠭᠬᠦ ᠶᠢᠨ ᠲᠣᠭᠠᠴᠠᠭ᠎ᠠ ᠬᠢᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠳᠥᠷᠪᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠡᠯ᠎ᠡ ᠣᠷᠣᠯᠭ᠎ᠠ ᠶᠢᠨ ᠨᠢᠭᠡᠴᠡ ᠣᠯᠠᠨ ᠵᠦᠢᠯ ᠤᠨ ᠬᠡᠯᠪᠡᠷᠢ ᠶᠢ ᠠᠪᠴᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠵᠥᠪ ᠣᠨᠣᠪᠴᠢᠲᠠᠶ ᠤᠬᠠᠭᠤᠯᠬᠤ ᠶᠢ ᠱᠠᠭᠠᠷᠳᠠᠵᠠᠶ᠃ ᠭᠠᠶᠢᠯᠢ ᠬᠥᠩᠭᠡᠯᠡᠵᠦ  ᠰᠦᠢᠳᠬᠡᠯ ᠪᠠᠭᠤᠷᠠᠭᠤᠯᠬᠤ ᠴᠡᠪᠡᠷ ᠠᠰᠢᠭ ᠢ ᠴᠠᠭ ᠲᠤᠬᠠᠶ ᠳᠤᠨᠢ  ᠭᠦᠢᠴᠡᠳ ᠲᠤᠭ᠎ᠠ ᠪᠠᠷ ᠵᠣᠭᠤᠰ ᠲᠤᠰᠢᠶᠠᠬᠤ ᠠᠵᠤ ᠠᠬᠤᠶᠢᠯᠠᠯ ᠪᠠ ᠬᠤᠪᠢ ᠬᠥᠮᠦᠨ ᠳᠤ ᠬᠦᠷᠲᠡᠭᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠨᠡᠮᠡᠭᠳᠡᠭᠦᠯᠦᠨ᠎ᠡ᠃ ᠲᠠᠪᠤ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠶᠠᠮᠤᠨ ᠤ ᠡᠯ᠎ᠡ ᠭᠠᠵᠠᠷ ᠤᠨ ᠬᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠯ᠎ᠡ ᠣᠷᠣᠯᠭ᠎ᠠ ᠭᠦᠢᠴᠡᠳᠬᠡᠬᠦ ᠨᠢᠭᠡᠴᠡ ᠶᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ᠂ ᠪᠤᠴᠠᠭᠠᠵᠤ ᠥᠭᠬᠦ ᠶᠣᠰᠣᠲᠠᠶ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠪᠤᠴᠠᠭᠠᠵᠤ ᠥᠭᠬᠦ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠢ ᠦᠨᠡᠨ ᠬᠦ ᠨᠠᠮᠳᠠᠭᠤᠯᠪᠠ᠃ ᠴᠢᠬᠤᠯᠠ ᠪᠤᠶᠤ ᠭᠡᠨᠡᠳᠲᠡ ᠶᠢᠨ ᠪᠠᠢᠳᠠᠯ ᠲᠤᠯᠭᠠᠷᠠᠪᠠᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃     ᠠᠰᠠᠭᠤᠯᠲᠠ᠄ ︽ᠮᠡᠳᠡᠭᠳᠡᠯ︾ ᠳᠤ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠣᠯᠭᠠᠬᠤ᠂ ᠪᠤᠴᠠᠭᠠᠨ ᠥᠭᠬᠦ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ     ᠬᠠᠷᠢᠭᠤᠯᠲᠠ᠄ ᠨᠢᠭᠡ ᠳᠤ᠂ ᠭᠠᠶᠢᠯᠢ ᠶᠢᠨ ᠪᠤᠰᠤ ᠣᠷᠣᠯᠭ᠎ᠠ ᠶᠢᠨ ᠲᠤᠯᠭᠠᠨ ᠬᠠᠰᠤᠬᠤ ᠶᠠᠪᠤᠴᠠ ᠪᠠ ᠱᠠᠭᠠᠷᠳᠠᠯᠭ᠎ᠠ ᠶᠢ ᠲᠣᠳᠣᠷᠬᠠᠶᠢᠯᠠᠬᠤ ᠶᠢ ᠱᠠᠭᠠᠷᠳᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠣᠳᠣᠬᠤ ᠂ ᠨᠢᠭᠡᠨᠲᠡ ᠲᠤᠰᠢᠶᠠᠭᠰᠠᠨ ᠵᠣᠭᠤᠰ ᠢ ᠳᠠᠷᠠᠭ᠎ᠠ ᠰᠠᠷ᠎ᠠ ᠶᠢᠨ ᠲᠤᠰᠢᠶᠠᠬᠤ ᠶᠣᠰᠣᠲᠠᠶ ᠭᠠᠶᠢᠯᠢ ᠶᠢᠨ ᠪᠤᠰᠤ ᠣᠷᠣᠯᠭ᠎ᠠ ᠶᠢ ᠲᠤᠯᠭᠠᠨ ᠬᠠᠰᠤᠬᠤ ︽ᠮᠡᠳᠡᠭᠳᠡᠯ︾ ᠳᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠯᠭᠠᠨ ᠰᠠᠭᠤᠯᠭᠠᠬᠤ ᠴᠤᠪᠤᠷᠠᠯ ᠪᠠ ᠠᠵᠢᠯᠯᠠᠬᠤ ᠠᠷᠭ᠎ᠠ ᠪᠠᠨ ᠲᠣᠳᠣᠷᠬᠠᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ  ᠡᠯᠧᠺᠲᠷᠤᠨᠴᠢᠯᠡᠯᠲᠡ ᠪᠠᠷ ᠳᠠᠮᠵᠢᠭᠤᠯᠤᠨ ᠪᠤᠴᠠᠭᠠᠨ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠨ᠎ᠠ᠃ ︽ᠮᠡᠳᠡᠭᠳᠡᠯ︾ ᠳᠤ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠡᠯᠧᠺᠲᠷᠣᠨ ᠢᠶᠠᠷ ᠪᠤᠴᠠᠭᠠᠨ ᠥᠭᠬᠦ᠂ ᠡᠯᠧᠺᠲᠷᠣᠨ ᠲᠠᠩᠰᠠ ᠬᠠᠷᠭᠤᠭᠤᠯᠬᠤ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠨᠥᠬᠦᠴᠡᠯ ᠲᠠᠢ ᠭᠠᠵᠠᠷ ᠣᠷᠣᠨ ᠨᠢ ᠭᠠᠶᠢᠯᠢ ᠶᠢᠨ ᠪᠤᠰᠤ ᠣᠷᠣᠯᠭ᠎ᠠ ᠶᠢ ᠪᠤᠴᠠᠭᠠᠨ ᠥᠭᠬᠦ ᠪᠠᠷ ᠮᠡᠳᠡᠭᠦᠯᠬᠦ᠂ ᠲᠤᠬᠠᠶᠢᠯᠠᠭᠰᠠᠨ ᠠᠵᠢᠯ ᠢ ᠬᠢᠨᠠᠨ ᠬᠠᠷᠭᠤᠭᠤᠯᠬᠤ᠂ ᠵᠣᠭᠤᠰ ᠲᠤᠰᠢᠶᠠᠬᠤ ᠶᠢ ᠬᠢᠨᠠᠨ ᠬᠠᠷᠭᠤᠭᠤᠯᠬᠤ᠂ ᠪᠠᠯᠠ ᠮᠥᠩᠭᠦ ᠶᠢ ᠪᠤᠴᠠᠭᠠᠨ ᠥᠭᠬᠦ ᠵᠡᠷᠭᠡ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ  ᠭᠦᠢᠴᠡᠳᠬᠡᠬᠦ ᠶᠢ ᠰᠦᠪᠡᠭᠴᠢᠯᠡᠨ ᠪᠡᠶᠡᠯᠡᠭᠦᠯᠵᠦ ᠪᠣᠯᠤᠨ᠎ᠠ᠃ ᠭᠤᠷᠪᠠ ᠳᠤ ᠡᠳ᠋ ᠤᠨ ᠵᠠᠰᠠᠭ ᠤᠨ ᠵᠠᠳᠠᠯᠤᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠠᠶᠢᠯᠢ ᠶᠢᠨ ᠪᠤᠰᠤ ᠣᠷᠣᠯᠭ᠎ᠠ ᠶᠢᠨ ᠰᠠᠷ᠎ᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠪᠣᠯᠤᠨ ᠬᠠᠰᠤᠬᠤ᠂ ᠬᠡᠯᠲᠦᠷᠢᠭᠦᠯᠬᠦ᠂ ᠬᠤᠶᠢᠰᠢᠯᠠᠭᠤᠯᠬᠤ ᠂ ᠵᠣᠭᠰᠣᠭᠠᠬᠤ ᠲᠥᠷᠥ ᠶᠢᠨ ᠪᠣᠳᠣᠯᠭ᠎ᠠ ᠶᠢᠨ ᠬᠤᠯᠪᠣᠯᠳᠤᠯ ᠵᠠᠳᠠᠯᠤᠯᠲᠠ ᠶᠢ ᠬᠢᠨᠠᠮᠠᠭᠠᠶ ᠥᠷᠨᠢᠭᠦᠯᠬᠦ ᠶᠢ ᠱᠠᠭᠠᠷᠳᠠᠵᠠᠶ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃     ᠠᠰᠠᠭᠤᠯᠲᠠ᠄ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠶ︖     ᠬᠠᠷᠢᠭᠤᠯᠲᠠ᠄ ᠠᠵᠤ ᠠᠬᠤᠶᠢᠯᠠᠯ ᠪᠠ ᠬᠤᠪᠢ ᠬᠥᠮᠦᠨ ᠤ ᠵᠠᠷᠤᠳᠠᠯ ᠢ ᠪᠠᠭᠤᠷᠠᠭᠤᠯᠬᠤ ᠴᠡᠪᠡᠷ ᠠᠰᠢᠭ ᠢ ᠪᠦᠷᠢᠨ ᠡᠳ᠋ᠯᠡᠬᠦ ᠶᠢ ᠪᠠᠲᠤᠯᠠᠬᠤ ᠶᠢᠨ ᠲᠥᠯᠥᠭᠡ᠂ ︽ᠮᠡᠳᠡᠭᠳᠡᠯ︾ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠵᠤ᠂ ᠪᠢᠳᠡ ᠳᠣᠤᠷᠠᠬᠢ ᠠᠵᠢᠯ ᠤᠳ ᠢ ᠢᠳᠡᠪᠬᠢᠲᠡᠶ ᠰᠠᠶᠢᠲᠤᠷ ᠬᠢᠨ᠎ᠠ᠄ ᠨᠢᠭᠡ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠶᠠᠮᠤᠨ ᠤ ᠫᠤᠷᠲ᠋ᠧᠯ ᠰᠦᠯᠵᠢᠶ᠎ᠡ᠂ ᠡᠳ᠋ ᠤᠨ ᠵᠠᠰᠠᠭ ᠤᠨ ᠶᠠᠮᠤᠨ ᠤ ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ᠂ ︽ᠮᠡᠳᠡᠭᠳᠡᠯ︾ ᠳᠤ ᠥᠷᠭᠡᠨ ᠳᠡᠯᠭᠡᠷ ᠤᠬᠠᠭᠤᠯᠭ᠎ᠠ ᠬᠢᠵᠦ᠂ ᠰᠠᠨᠠᠭᠠᠴᠢᠯᠠᠭ᠎ᠠ ᠠᠴᠠ ᠪᠠᠨ ᠮᠠᠳᠠᠭ ᠲᠠᠢ  ᠵᠦᠢᠯ ᠢ  ᠰᠢᠢᠳᠪᠦᠷᠢᠯᠡᠵᠦ᠂ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ  ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠡᠯ᠎ᠡ ᠭᠠᠵᠠᠷ ᠤᠨ ᠬᠡᠷᠡᠭᠵᠢᠭᠦᠯᠵᠦ  ᠪᠠᠶᠢᠭ᠎ᠠ  ᠪᠠᠶᠢᠳᠠᠯ ᠤᠨ ᠵᠠᠯᠭᠠᠮᠵᠢ ᠮᠥᠷᠳᠡᠯᠲᠡ ᠶᠢ ᠰᠠᠶᠢᠲᠤᠷ ᠬᠢᠵᠦ᠂ ᠪᠠᠶᠢᠳᠠᠯ ᠢ ᠨᠢ ᠦᠵᠡᠵᠦ ᠪᠠᠶᠢᠭᠠᠳ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠦᠨᠡᠯᠡᠯᠲᠡ ᠬᠢᠵᠦ ᠡᠯ᠎ᠡ ᠭᠠᠵᠠᠷ ᠲᠤ ᠲᠤᠯᠭᠠᠷᠠᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠠᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠬᠦᠯᠢᠶᠡᠨ ᠠᠪᠬᠤ ᠨᠢᠭᠡᠴᠡ ᠶᠢ ᠨᠠᠩ ᠰᠠᠶᠢᠨ ᠰᠢᠪᠠᠳᠠᠨ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠤᠴᠠᠭᠠᠬᠤ ᠶᠣᠰᠣᠲᠠᠶ ᠭᠠᠶᠢᠯᠢ ᠶᠢᠨ ᠪᠤᠰᠤ ᠣᠷᠣᠯᠭ᠎ᠠ ᠶᠢ ᠣᠷᠣᠨ ᠪᠠᠶᠢᠷᠢ ᠳᠤᠨᠢ ᠪᠤᠴᠠᠭᠠᠵᠤ᠂ ᠴᠠᠭ ᠲᠤᠬᠠᠶ ᠳᠤᠨᠢ ᠪᠤᠴᠠᠭᠠᠨ᠎ᠠ᠃ ᠭᠤᠷᠪᠠ ᠳᠤ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠦᠨ᠎ᠡ᠃ ᠲᠥᠪ ᠤᠨ ᠳᠠᠪᠬᠤᠷᠭ᠎ᠠ᠂ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠨᠡᠯᠢᠶᠡᠳ ᠥᠨᠳᠥᠷ ᠰᠤᠷᠭᠠᠨ ᠬᠥᠮᠦᠵᠢᠯ ᠤᠨ  ᠰᠦᠢᠳᠬᠡᠯ ᠬᠤᠷᠢᠶᠠᠬᠤ ᠵᠡᠷᠭᠡ ᠣᠷᠣᠯᠭ᠎ᠠ ᠶᠢᠨ  ᠵᠦᠢᠯᠡᠰ ᠲᠤ ᠴᠢᠭᠯᠡᠭᠦᠯᠦᠨ᠂ ᠪᠤᠴᠠᠭᠠᠨ ᠥᠭᠬᠦ ᠲᠥᠷᠥ ᠶᠢᠨ ᠪᠣᠳᠣᠯᠭ᠎ᠠ ᠪᠠ ᠴᠤᠪᠤᠷᠠᠯ ᠢ ᠢᠵᠢ ᠪᠦᠷᠢᠳᠦᠭᠦᠯᠦᠨ ᠨᠡᠶᠢᠲᠡᠯᠡᠨ᠎ᠡ᠃ ᠣᠷᠣᠨ ᠨᠤᠲᠤᠭ ᠤᠨ ᠲᠠᠯ᠎ᠠ ᠠᠴᠠ ᠡᠯ᠎ᠡ ᠭᠠᠵᠠᠷ ᠤᠨ ᠲᠥᠷᠥ ᠶᠢᠨ ᠪᠣᠳᠣᠯᠭ᠎ᠠ ᠲᠣᠭᠲᠠᠭᠠᠭᠰᠠᠨ ᠵᠢᠴᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠨ᠂ ᠣᠷᠣᠨ ᠨᠤᠲᠤᠭ ᠤᠨ ᠬᠢᠨ ᠤ ᠨᠠᠷᠢᠨ ᠨᠢᠮᠪᠠᠶ ︽ᠮᠡᠳᠡᠭᠳᠡᠯ︾ ᠤᠨ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠶᠢᠳᠠ ᠪᠤᠷᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号