ᠬᠠᠳᠤ ᠭᠤᠤᠯ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/10
    11 ᠰᠠᠷ᠎ᠠ ᠶᠢᠨ 4 ᠤ ᠡᠳᠦᠷ᠂ ᠬᠠᠳᠤ ᠭᠤᠤᠯ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠠᠪᠰᠤᠷᠤᠨ ᠲᠡᠳᠬᠦᠬᠦ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠱᠦᠵᠢ᠂ ᠡᠷᠬᠢᠯᠡᠭᠴᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠢᠭᠡᠳᠦᠭᠡᠷ ᠱᠦᠵᠢ᠂ ᠬᠠᠪᠰᠤᠷᠤᠨ ᠲᠡᠳᠬᠦᠬᠦ ᠺᠠᠳ᠋ᠷ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠬᠤᠤ ᠴᠢᠶᠠᠩ ᠬᠤᠷᠠᠯ ᠡᠷᠭᠢᠯᠡᠪᠡ᠃      ᠬᠤᠷᠠᠯ ᠠᠴᠠ ᠬᠥᠯᠥᠨ ᠪᠤᠶᠢᠷ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ᠂ ᠵᠠᠯᠠᠨ ᠠᠶᠢᠯ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 9 ᠳ᠋ᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠠᠰᠠᠭᠤᠳᠠᠯ ᠢ ᠭᠦᠨᠵᠡᠭᠡᠢ ᠰᠤᠳᠤᠯᠵᠤ᠂ ᠳᠠᠷᠠᠭᠠᠴᠢ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃     ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠨ ᡁᠢ ᠯᠢ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠢᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠪᠣᠭᠤᠮᠲᠠ ᠰᠢᠪᠲᠤᠯᠬᠤ ᠪᠠᠶᠢᠳᠠᠯ ᠢ ᠪᠠᠲᠤᠯᠠᠵᠤ᠂ ᠰᠠᠶᠢᠨ ᠡᠬᠢᠯᠡᠯᠲᠡ ᠰᠠᠶᠢᠨ ᠲᠡᠭᠦᠰᠬᠡᠵᠦ᠂ ᠰᠠᠶᠢᠨ ᠬᠢᠵᠦ ᠰᠠᠶᠢᠲᠤᠷ ᠪᠦᠲᠦᠭᠡᠵᠦ᠂ ᠪᠦᠷᠢᠨ ᠢᠯᠠᠯᠲᠠ ᠣᠯᠬᠤ ᠦᠭᠡᠢ ᠪᠣᠯ ᠴᠡᠷᠢᠭ ᠬᠤᠷᠢᠶᠠᠬᠤ ᠦᠭᠡᠢ᠂ ᠰᠤᠯᠠᠷᠠᠬᠤ ᠪᠠ ᠪᠣᠭᠤᠮᠲᠠ ᠳᠠᠪᠠᠭ᠋ᠤ ᠰᠡᠳᠬᠢᠯᠭᠡ ᠶᠢ ᠡᠷᠡᠰ ᠰᠡᠷᠭᠡᠶᠢᠯᠡᠵᠦ᠂ ᠲᠠᠪᠤᠨ ᠵᠢᠯ ᠤᠨ ᠠᠵᠢᠯ ᠳᠤ ︽ᠡᠷᠭᠢᠨ ᠬᠠᠷᠠᠬᠤ︾ ᠪᠠ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠪᠠᠭᠤᠷᠠᠶ ᠭᠤᠭᠴᠤᠭ᠎ᠠ ᠶᠢ ᠠᠳᠬᠤᠵᠤ ᠂ ᠳᠤᠲᠠᠭᠤᠳᠠᠯ ᠢ ᠨᠥᠬᠦᠪᠥᠷᠢᠯᠡᠨ᠂ ᠦᠷ᠎ᠡ ᠪᠦᠲᠦᠮᠵᠢ ᠶᠢ ᠬᠢᠨᠠᠨ ᠰᠢᠯᠭᠠᠬᠤ ᠡᠭᠦᠷᠭᠡ ᠶᠢᠨ ᠵᠠᠳᠠᠯᠤᠯᠲᠠ ᠶᠢᠨ ᠬᠦᠰᠦᠨᠦᠭ ᠶᠣᠰᠣᠭᠠᠷ᠂ ᠵᠦᠢᠯ ᠵᠤᠷᠪᠤᠰ ᠳᠠᠷᠠᠭᠠᠯᠠᠨ ᠬᠠᠷᠢᠴᠠᠭᠤᠯᠤᠨ᠂ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠣᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠴᠢᠩᠭ᠎ᠠ ᠪᠠᠶᠢᠴᠠᠭᠠᠨ ᠡᠷᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃     ᠬᠠᠨ ᡁᠢ ᠯᠢ ᠴᠢᠬᠤᠯᠠᠴᠢᠯᠠᠭᠰᠠᠨ ᠨᠢ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠭᠤᠷᠪᠠᠨ ᠨᠠᠷᠢᠯᠢᠭ ᠣᠨᠣᠪᠴᠢᠲᠠᠶ᠂ ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠ ᠶᠢ ᠪᠠᠲᠤᠯᠠᠬᠤ︾ ᠵᠡᠷᠭᠡ ᠲᠠᠯ᠎ᠠ ᠶᠢᠨ ᠲᠣᠭᠤᠷᠢᠨ ᠳᠤ᠂ ᠭᠤᠷᠪᠠᠳᠠᠬᠢ ᠡᠲᠡᠭᠡᠳ ᠤᠨ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠵᠦ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠨᠢᠭᠡ ᠠᠴᠠ ᠨᠥᠭᠦᠭᠡ ᠶᠢ ᠮᠡᠳᠡᠵᠦ᠂ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠮᠠᠰᠢᠨ ᠲᠠᠩᠰᠠ ᠬᠠᠷᠢᠯᠴᠠᠨ ᠨᠡᠶᠢᠴᠡᠬᠦ︾ ︽ᠲᠠᠩᠰᠠ ᠲᠠᠩᠰᠠ ᠬᠠᠷᠢᠯᠴᠠᠨ ᠨᠡᠶᠢᠴᠡᠬᠦ︾᠂ ︽ᠲᠠᠩᠰᠠ ᠪᠠ ᠪᠣᠳᠠᠲᠤ ᠪᠠᠶᠢᠳᠠᠯ ᠬᠠᠷᠢᠯᠴᠠᠨ ᠨᠡᠶᠢᠴᠡᠬᠦ︾ ᠶᠢ ᠦᠨᠡᠨᠬᠦ ᠪᠡᠶᠡᠯᠡᠭᠦᠯᠦᠨ᠎ᠡ᠃ ᠢᠷᠡᠬᠦ ᠵᠢᠯ ᠤᠨ ᠠᠵᠢᠯ ᠢᠶᠠᠨ ᠬᠢᠨᠠᠮᠠᠭᠠᠶ ᠰᠠᠶᠢᠲᠤᠷ ᠲᠥᠯᠥᠪᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭᠠᠳᠬᠠᠵᠤ᠂ ᠮᠠᠯ ᠠᠵᠤ ᠠᠬᠤᠶ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠦᠷᠭᠦᠯᠵᠢᠯᠡᠨ ᠨᠠᠷᠢᠯᠢᠭ ᠣᠨᠣᠴᠠᠲᠠᠶ ᠪᠠᠷ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠢᠯᠡᠳᠦᠯᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠳᠣᠯᠠᠬᠤ ᠬᠡᠷᠡᠭᠲᠡᠢ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号