ᠳ᠋ᠠ ᠾᠧ ᠸᠠᠨ ᠪᠠᠯᠭᠠᠰᠤ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/10
    ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠨᠠᠩ ᠰᠠᠶᠢᠨ ᠪᠠᠳᠠᠷᠠᠭᠤᠯᠵᠤ᠂ ᠡᠯ᠎ᠡ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠠᠷᠠᠳ ᠣᠯᠠᠨ ᠤ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ ᠡᠷᠴᠢᠮ ᠢ ᠦᠨᠡᠨᠬᠦ ᠨᠡᠮᠡᠭᠳᠡᠭᠦᠯᠵᠦ᠂ ᠳ᠋ᠠ ᠾᠧ ᠸᠠᠨ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠠᠮᠲᠤᠷᠠᠭᠰᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠳ᠋ᠠ ᠾᠧ ᠸᠠᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠲᠣᠰᠣ ᠨᠡᠮᠡᠬᠦ ᠥᠷᠲᠡᠭᠡ ᠵᠡᠷᠭᠡ ᠨᠢᠭᠡᠴᠡ ᠳᠤ ᠬᠦᠨᠵᠡᠬᠡᠢᠷᠡᠵᠦ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃     ᠠᠵᠢᠯᠯᠠᠭᠠᠨ ᠤ ᠳᠤᠮᠳᠠ ᠠᠵᠢᠯᠲᠠᠳ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠤᠬᠠᠭᠤᠯᠭ᠎ᠠ ᠶᠢᠨ ᠬᠠᠭᠤᠳᠠᠰᠤ︾ ︽ᠬᠠᠤᠯᠢ ᠴᠠᠭᠠᠵᠠ ᠶᠢ ᠨᠢᠭᠡᠴᠡ ᠳᠤ ᠣᠷᠣᠭᠤᠯᠬᠤ︾᠂ ︽ᠦᠨᠳᠦᠰᠦᠨ ᠬᠠᠤᠯᠢ ᠶᠢᠨ ᠤᠩᠰᠢᠬᠤ ᠪᠢᠴᠢᠭ ᠤᠨ ᠤᠬᠠᠭᠤᠯᠭ᠎ᠠ ᠶᠢᠨ ᠳᠡᠪᠲᠡᠷ︾ ︽ᠢᠷᠭᠡᠨ ᠤ ᠬᠠᠤᠯᠢ ᠶᠢᠨ ᠪᠢᠴᠢᠭ ᠤᠨ ᠭᠢᠯᠠᠰ ᠴᠡᠭ ᠢ ᠡᠮᠬᠢᠯᠡᠬᠦ︾ ᠵᠡᠷᠭᠡ ᠶᠢ ᠲᠠᠷᠬᠠᠭᠠᠵᠤ ᠤᠬᠠᠭᠤᠯᠬᠤ ᠶᠢᠨ ᠬᠠᠮᠲᠤ ᠠᠵᠢᠯᠲᠠᠳ ᠥᠷᠭᠡᠨ ᠣᠯᠠᠨ ᠪᠠᠭᠰᠢ ᠰᠤᠷᠤᠭᠴᠢ᠂ ᠡᠮᠴᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠬᠠᠤᠯᠢ ᠮᠡᠳᠡᠬᠦ᠂ ᠬᠠᠤᠯᠢ ᠬᠡᠷᠡᠭᠯᠡᠬᠦ ᠶᠢᠨ ᠴᠢᠬᠤᠯᠠ ᠴᠢᠨᠠᠷ ᠢ ᠤᠬᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠰᠤᠷᠬᠤ ᠬᠡᠷᠡᠭᠲᠡᠶ ᠭᠡᠵᠦ ᠡᠯ᠎ᠡ ᠡᠲᠡᠭᠡᠳ ᠤᠨ ᠬᠥᠮᠦᠰ ᠲᠤ ᠰᠠᠨᠠᠭᠤᠯᠵᠤ ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠴᠠᠭᠠᠵᠠ ᠶᠢ ᠠᠮᠢᠳᠤᠷᠠᠯ ᠳᠤ ᠣᠷᠣᠭᠤᠯᠵᠤ᠂ ᠬᠠᠤᠯᠢ ᠴᠠᠭᠠᠵᠠ ᠶᠢ ᠰᠡᠳᠬᠢᠯ ᠵᠢᠷᠦᠬᠡᠨ ᠳᠤ  ᠬᠠᠳᠠᠩᠰᠢᠭᠤᠯᠪᠠ᠃     ᠡᠨᠡ ᠤᠳᠠᠭᠠᠨ ᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠨ ᠳᠤ ᠬᠦᠷᠦᠭᠡᠳᠦᠢ ᠰᠤᠷᠤᠭᠴᠢᠳ ᠤᠨ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠦᠵᠡᠯᠲᠡ ᠶᠢ ᠤᠯᠠᠮ ᠨᠢᠭᠡ ᠠᠯᠬᠤᠮ ᠬᠥᠮᠦᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠦᠵᠡᠯᠲᠡ ᠪᠣᠯᠤᠨ ᠬᠠᠤᠯᠢ ᠴᠠᠭᠠᠵᠠ ᠶᠢᠨ ᠬᠡᠪ ᠴᠢᠨᠠᠷ ᠢ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ ᠬᠥᠮᠦᠨ ᠪᠦᠬᠦᠨ ᠬᠠᠤᠯᠢ ᠮᠡᠳᠡᠬᠦ ᠶᠢ ᠨᠡᠩ ᠪᠦᠲᠦᠮᠵᠢᠲᠡᠶ ᠠᠬᠢᠭᠤᠯᠵᠠᠶ᠃ ᠶᠠᠪᠤᠳᠠᠯ ᠪᠣᠯᠭᠠᠨ ᠳᠤ ᠬᠠᠤᠯᠢ ᠶᠢ ᠡᠷᠬᠢᠮᠯᠡᠵᠦ᠂ ᠭᠠᠵᠠᠷ ᠪᠣᠯᠭᠠᠨ ᠳᠤ ᠬᠠᠤᠯᠢ ᠶᠢ ᠰᠠᠬᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠤᠨ ᠪᠦᠷᠢᠯᠳᠦᠯ ᠨᠢ ᠠᠮᠤᠷ ᠠᠮᠤᠭᠤᠯᠠᠩ ᠳ᠋ᠠ ᠾᠧ ᠸᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠬᠡᠷᠡᠭᠲᠡᠢ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号