ᠰᠠᠮᠠ ᠵᠡᠭᠡᠯᠢ ᠡᠸᠡᠩᠬᠢ ᠦᠨᠳᠦᠰᠦᠲᠡᠨ ᠤ ᠰᠢᠶᠠᠩ ︽ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/10
    ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠵᠥᠪ ᠣᠨᠣᠪᠴᠢᠲᠠᠶ ᠡᠵᠡᠮᠳᠡᠬᠦ ᠶᠢᠨ ᠲᠥᠯᠥᠭᠡ ᠲᠦᠷᠦᠭᠦᠬᠡᠨ ᠰᠠᠮᠠ ᠵᠡᠬᠡᠯᠢ ᠡᠸᠡᠩᠬᠢ ᠦᠨᠳᠦᠰᠦᠲᠡᠨ ᠤ ᠰᠢᠶᠠᠩ ᠤᠨ ᠪᠠᠶᠢᠭᠤᠯᠭ᠎ᠠ ᠶᠢᠨ ᠨᠠᠮ ᠤᠨ ᠡᠭᠦᠷ ︽ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢ ᠰᠢᠶᠠᠩ ᠤᠨ ᠨᠠᠮ ᠤᠨ ᠬᠤᠷᠢᠶᠠᠨ ᠤ ᠱᠦᠵᠢ ᠵᠧᠦ ᠶᠦᠩ ᠡᠷᠬᠢᠯᠡᠵᠦ᠂ ᠪᠦᠬᠦ ᠪᠠᠶᠢᠭᠤᠯᠭ᠎ᠠ ᠶᠢᠨ ᠨᠠᠮ ᠤᠨ ᠭᠡᠰᠢᠭᠦᠨ ᠣᠷᠣᠯᠴᠠᠪᠠ᠃     ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠳ᠋ᠦᠩ ᠲᠢᠶᠤ ᠮᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠡᠰᠡᠭ ᠠᠭᠤᠯᠭ᠎ᠠ ᠶᠢ ᠲᠠᠶᠢᠯᠪᠤᠷᠢᠯᠠᠵᠠᠶ᠃ ᠵᠠᠷᠢᠮ ᠺᠠᠳ᠋ᠷ ᠤᠨ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢᠶᠠᠷ ᠳᠤᠲᠠᠮᠠᠭ ᠤᠴᠢᠷ ᠠᠴᠠ ᠠᠵᠢᠯ ᠤᠨ ᠳᠤᠮᠳᠠ ᠨᠢᠭᠤᠴᠠ ᠶᠢ ᠵᠠᠳᠠᠷᠠᠭᠤᠯᠤᠭᠰᠠᠨ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠭᠦᠨᠵᠡᠭᠡᠶ ᠦᠨᠡᠯᠡᠯᠲᠡ ᠬᠢᠵᠡᠶ᠃ ᠪᠦᠬᠦ ᠺᠠᠳ᠋ᠷᠴᠤᠳ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠰᠢᠯᠭᠠᠯᠲᠠ ᠳᠤ ᠣᠷᠣᠯᠴᠠᠵᠤ᠂ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃ ᠭᠡᠰᠢᠭᠦᠨ ᠴᠠᠩ ᠵᠢᠶᠠᠨ ᠲᠦᠷᠦᠭᠦᠯᠡᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠤᠩᠰᠢᠵᠤ᠂ ᠪᠦᠬᠦ ᠨᠠᠮ ᠤᠨ ᠭᠡᠰᠢᠭᠦᠨ ᠨᠠᠮ ᠤᠨ ᠲᠤᠬ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠬᠢᠵᠦ᠂ ᠲᠠᠩᠭᠠᠷᠢᠭ ᠤᠨ ᠦᠭᠡ ᠶᠢ ᠲᠠᠬᠢᠨ ᠡᠷᠭᠢᠴᠡᠭᠦᠯᠪᠡ᠃     ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠪᠦᠬᠦ ᠺᠠᠳ᠋ᠷᠴᠤᠳ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ  ᠢ ᠭᠦᠨᠵᠡᠭᠡᠶ ᠲᠠᠨᠢᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠢᠭᠤᠴᠠ ᠶᠢ ᠬᠠᠮᠠᠭᠠᠯᠠᠬᠤ ᠡᠭᠦᠷᠭᠡ ᠪᠠ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠢᠯᠡᠳᠬᠡᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号