ᠴᠠᠢ ᠾᠧ ᠪᠠᠯᠭᠠᠰᠤ ︽ᠰᠣᠶᠣᠯ ᠤᠨ ᠲᠠᠯᠠᠪᠤᠷ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/10
    ᠪᠠᠯᠭᠠᠰᠤᠨ ᠤ ᠳᠣᠲᠣᠷᠠᠬᠢ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠵᠢᠷᠤᠮᠵᠢᠭᠰᠠᠨ ᠡᠵᠡᠩᠨᠡᠯᠲᠡ ᠶᠢ ᠴᠢᠩᠭᠠᠳᠬᠠᠵᠤ ᠂ ᠡᠵᠡᠩᠨᠡᠯᠲᠡ ᠶᠢᠨ ᠬᠢᠷᠢ ᠬᠡᠮ ᠨᠢ ᠬᠠᠤᠯᠢ ᠳᠤ ᠨᠡᠶᠢᠴᠡᠭᠰᠡᠨ᠂ ᠡᠵᠡᠩᠨᠡᠯᠲᠡ ᠶᠢᠨ ᠦᠢᠯᠡᠳᠬᠦᠨ ᠨᠢ ᠲᠣᠭᠲᠠᠭᠠᠯ ᠳᠤ ᠨᠡᠶᠢᠴᠡᠭᠰᠡᠨ᠂ ᠡᠵᠡᠩᠨᠡᠯᠲᠡ ᠨᠢ ᠡᠷᠡᠭᠦᠯ᠂ ᠡᠵᠡᠩᠨᠡᠯᠲᠡ ᠨᠢ ᠡᠮᠬᠢ ᠵᠢᠷᠤᠮ ᠲᠠᠢ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠥᠯᠥᠭᠡ᠂ 11 ᠳ᠋ᠦᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠠᠴᠠ ᠲᠦᠷᠦᠭᠦᠯᠡᠵᠦ᠂ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠳ ᠬᠠᠮᠲᠤ ᠪᠠᠷ ᠴᠠᠢ ᠾᠧ ᠪᠠᠯᠭᠠᠰᠤᠨ ᠤ ᠳᠣᠲᠣᠷᠠᠬᠢ ᠰᠣᠶᠣᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠲᠤ ︽ᠰᠣᠶᠣᠯ ᠤᠨ ᠲᠠᠯᠠᠪᠤᠷ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠬᠤ︾ ᠠᠵᠢᠯᠯᠠᠭ᠎ᠠ ᠦᠷᠨᠢᠬᠦᠯᠪᠡ᠃     ᠲᠤᠰ ᠤᠳᠠᠭᠠᠨ ᠤ ᠠᠵᠢᠯᠯᠠᠭ᠎ᠠ ᠳᠤ ᠰᠣᠶᠣᠯ ᠰᠤᠷᠭᠠᠨ ᠬᠥᠮᠦᠵᠢᠯ ᠤᠨ ᠬᠡᠷᠡᠭᠯᠡᠭᠡᠨ ᠤ ᠳᠡᠯᠭᠡᠭᠦᠷ ᠵᠢᠵᠢᠭ ᠲᠠᠸᠠᠷ ᠤᠨ ᠳᠡᠯᠭᠡᠭᠦᠷ ᠰᠢᠤᠳᠠᠨ ᠬᠦᠷᠭᠡᠬᠦ ᠲᠣᠤᠷ ᠴᠡᠭ᠂ ᠰᠦᠯᠵᠢᠶᠡᠨ ᠤ ᠪᠠᠭᠠᠷ ᠵᠡᠷᠭᠡ ᠰᠣᠶᠣᠯ ᠴᠡᠩᠭᠡᠯ ᠤᠨ ᠭᠠᠵᠠᠷ ᠲᠤ ᠲᠦᠷᠭᠡᠨ ᠪᠠᠶᠢᠴᠠᠭᠠᠯᠲᠠ ᠥᠷᠨᠢᠭᠦᠯᠵᠡᠶ᠃ ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ ᠭᠤᠷᠪᠠᠨ ᠨᠡᠶᠢᠭᠡᠮ ᠲᠣᠭᠤᠷᠢᠭ ᠤᠨ ᠬᠤᠪᠢ ᠶᠢᠨ ᠡᠵᠡᠩᠨᠡᠯᠲᠡ ᠶᠢᠨ 11 ᠲᠠᠯᠠᠪᠤᠷ ᠭᠠᠵᠠᠷ ᠢ ᠪᠠᠶᠢᠴᠠᠭᠠᠵᠤ᠂ ᠲᠣᠰ ᠲᠣᠰ ᠰᠣᠶᠣᠯ ᠰᠤᠷᠭᠠᠨ ᠬᠥᠮᠦᠵᠢᠯ ᠤᠨ ᠬᠡᠷᠡᠭᠯᠡᠭᠡᠨ ᠤ ᠳᠡᠯᠭᠡᠭᠦᠷ 3᠂ ᠰᠢᠤᠳᠠᠨ ᠢᠶᠠᠷ ᠬᠦᠷᠭᠡᠬᠦ ᠲᠣᠤᠷ ᠴᠡᠭ 3᠂ ᠵᠢᠵᠢᠭ ᠲᠠᠸᠠᠷ ᠤᠨ ᠳᠡᠯᠭᠡᠭᠦᠷ 2᠂ ᠰᠦᠯᠵᠢᠶᠡᠨ ᠤ ᠪᠠᠭᠠᠷ 1᠂ KTV ᠬᠤᠶᠠᠷ ᠭᠠᠵᠠᠷ ᠪᠣᠯᠤᠨ᠎ᠠ᠃ ᠵᠢᠭᠰᠠᠭᠠᠨ ᠪᠠᠶᠢᠴᠠᠭᠠᠬᠤ ᠳᠤᠮᠳᠠ᠂ ᠠᠵᠢᠯᠲᠠᠳ ᠡᠵᠡᠩᠨᠡᠯᠲᠡ ᠶᠢᠨ ᠦᠨᠡᠮᠯᠡᠯ ᠤᠨ ᠡᠵᠡᠩᠨᠡᠯᠲᠡ ᠶᠢᠨ ᠬᠡᠪᠴᠢᠶ᠎ᠡ ᠶᠢ ᠨᠠᠷᠢᠨ ᠪᠠᠶᠢᠴᠠᠭᠠᠵᠤ᠂ ᠪᠣᠳᠠᠲᠠᠶ ᠡᠵᠡᠩᠨᠡᠯᠲᠡ ᠶᠢᠨ ᠲᠥᠷᠥᠯ ᠢᠯᠭᠠᠯ ᠢ ᠬᠠᠷᠢᠴᠠᠭᠤᠯᠵᠤ᠂ ᠬᠡᠪᠴᠢᠶᠡᠨ ᠠᠴᠠ ᠳᠠᠪᠠᠭᠰᠠᠨ ᠡᠵᠡᠩᠨᠡᠯᠲᠡ ᠶᠢᠨ ᠪᠠᠶᠢᠳᠠᠯ ᠪᠠᠶᠢᠬᠤ ᠡᠰᠡᠬᠦ ᠶᠢ ᠪᠠᠶᠢᠴᠠᠭᠠᠨ ᠦᠵᠡᠪᠡ᠃ ᠰᠦᠯᠵᠢᠶᠡᠨ ᠤ ᠪᠠᠭᠠᠷ ᠲᠤ ᠪᠠᠶᠢᠴᠠᠭᠠᠯᠲᠠ ᠬᠢᠬᠦ ᠳᠤᠮᠳᠠ᠂ ᠠᠵᠢᠯᠲᠠᠳ ᠰᠦᠯᠵᠢᠶᠡᠨ ᠤ ᠪᠠᠭᠠᠷ ᠲᠤ ᠡᠵᠡᠩᠨᠡᠭᠴᠢᠳ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠭᠠᠷᠬᠤ᠂ ᠰᠦᠯᠵᠢᠶᠡᠨ ᠳᠤ ᠭᠠᠷᠬᠤ ᠬᠡᠷᠡᠭᠯᠡᠭᠴᠢᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠷᠭᠤᠭᠤᠯᠤᠨ ᠳᠡᠩᠰᠡᠯᠡᠵᠦ ᠪᠣᠯᠬᠤ ᠥᠬᠡᠶ ᠭᠡᠵᠦ ᠲᠥᠪ ᠴᠢᠩᠭ᠎ᠠ ᠪᠠᠷ ᠰᠡᠷᠡᠮᠵᠢᠯᠡᠭᠦᠯᠵᠡᠶ᠃ ᠭᠤᠤᠯᠳᠠᠯᠭ᠎ᠠ ᠲᠠᠢ ᠪᠠᠶᠢᠴᠠᠭᠠᠭᠰᠠᠨ KTV ᠲᠠᠯᠠᠪᠤᠷ ᠰᠦᠯᠵᠢᠶᠡᠨ ᠤ ᠳᠠᠭᠤᠤ ᠬᠥᠭᠵᠢᠮ ᠤᠨ ᠬᠠᠷ᠎ᠠ ᠳᠠᠩᠰᠠ ᠶᠢ ᠨᠡᠪᠲᠡᠷᠡᠭᠦᠯᠵᠦ᠂ ᠳᠠᠭᠤᠤ ᠶᠢᠨ ᠬᠥᠮᠥᠷᠭᠡ ᠶᠢ ᠨᠠᠷᠢᠨ ᠡᠷᠢᠵᠡᠶ᠃ ᠴᠠᠭ ᠦᠶ᠎ᠡ ᠶᠢᠨ ᠭᠤᠣᠯ ᠰᠡᠳᠦᠪ ᠠᠴᠠ ᠵᠥᠷᠢᠴᠡᠭᠰᠡᠨ ᠳᠠᠭᠤᠤ ᠬᠥᠭᠵᠢᠮ ᠵᠢᠴᠢ ᠰᠡᠷᠭᠡᠭ ᠠᠭᠤᠯᠭ᠎ᠠ ᠲᠠᠢ MV  ᠪᠠᠶᠢᠬᠤ ᠡᠰᠡᠬᠦ ᠶᠢ ᠰᠢᠭᠰᠢᠨ ᠪᠠᠶᠢᠴᠠᠭᠠᠪᠠ᠃ ᠵᠢᠭᠰᠠᠭᠠᠨ ᠪᠠᠶᠢᠴᠠᠭᠠᠬᠤ ᠪᠠᠷ ᠳᠠᠮᠵᠢᠭᠠᠳ᠂ ᠣᠳᠣᠬᠠᠨ ᠳᠤ ᠬᠠᠷᠢᠶ᠎ᠠ ᠣᠷᠣᠨ ᠤ ᠳᠣᠲᠣᠷ᠎ᠠ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠬᠤᠪᠢ ᠶᠢᠨ ᠬᠤᠳᠠᠯᠳᠤᠭᠠᠨ ᠤ ᠡᠷᠦᠬᠡ ᠪᠠᠶᠢᠬᠤ ᠶᠢ ᠣᠯᠵᠤ ᠮᠡᠳᠡᠭᠡᠳᠦᠶ ᠪᠠᠶᠢᠨ᠎ᠠ᠃     ᠡᠨᠡ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ᠂ ᠰᠣᠶᠣᠯ ᠤᠨ ᠲᠠᠯᠠᠪᠤᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠦᠲᠦᠮᠵᠢᠲᠡᠶ ᠪᠠᠷ ᠴᠡᠪᠡᠷᠰᠢᠭᠦᠯᠵᠦ᠂ ᠡᠵᠡᠩᠨᠡᠭᠴᠢᠳ ᠪᠣᠯᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠦᠬᠦᠯᠢ ᠴᠣᠭᠴᠠ ᠶᠢᠨ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠰᠠᠶᠢᠨ ᠰᠠᠭᠤᠷᠢ ᠲᠠᠯᠪᠢᠵᠤ᠂ ᠰᠣᠶᠣᠯ ᠤᠨ ᠵᠠᠬ᠎ᠠ ᠳᠡᠯᠭᠡᠭᠦᠷ ᠤᠨ ︽ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ︾ ᠪᠠᠶᠢᠬᠤ ᠶᠢ ᠦᠨᠡᠨᠬᠦ ᠪᠠᠳᠤᠯᠠᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号