ᠨᠠᠨᠮᠤ ᠶᠢᠨ ᠣᠷᠴᠣᠨ ᠦᠨᠳᠦᠰᠦᠲᠡᠨ ᠤ ᠰᠢᠶᠠᠩ ︽ᠶᠠᠳᠠᠭᠤ ᠶᠢ ᠲᠡᠳᠬᠦᠬᠦ ᠠᠵᠤ  ᠦᠢᠯᠡᠰ ᠤᠨ ᠬᠦᠷᠢᠶᠡᠯᠡᠩ︾ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/11/11
    11 ᠰᠠᠷ᠎ᠠ ᠶᠢᠨ 7 ᠤ ᠡᠳᠦᠷ᠂ ᠨᠠᠮᠤ ᠣᠷᠴᠣᠨ ᠦᠨᠳᠦᠰᠦᠲᠡᠨ ᠤ ᠰᠢᠶᠠᠩ ︽ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ︾ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠨᠠᠨᠮᠣ ᠲᠣᠰᠬᠤᠨ ᠤ ᠪᠸᠢ ᠭᠸᠤ ᠳᠤ ᠵᠢᠩᠬᠢᠨᠢ ᠪᠠᠷ ᠠᠵᠢᠯ ᠡᠬᠢᠯᠡᠪᠡ᠃ ᠰᠢᠶᠠᠩ ᠤᠨ ᠨᠠᠮ ᠤᠨ ᠬᠤᠷᠢᠶᠠᠨ ᠤ ᠱᠦᠵᠢ ᠯᠢᠦ ᠰᠢᠶᠤᠤ ᠸᠧᠶ᠂ ᠰᠢᠶᠠᠩ ᠤᠨ ᠳᠠᠷᠤᠭ᠎ᠠ ᠪᠠᠶ ᠰᠢᠶᠤᠤ ᠶᠦᠩ ᠭᠡᠷ ᠲᠡᠭᠡᠨ ᠪᠠᠶᠢᠭ᠎ᠠ ᠪᠠᠭ ᠤᠨ ᠪᠦᠷᠢᠯᠳᠦᠬᠦᠨ᠂ ᠬᠤᠯᠪᠣᠭᠳᠠᠯ ᠪᠦᠬᠦᠢ ᠠᠯᠪᠠᠨ ᠭᠡᠷ ᠵᠢᠴᠢ ᠪᠠᠷᠢᠯᠭ᠎ᠠ ᠶᠢᠨ ᠠᠵᠢᠯ ᠬᠢᠬᠦ ᠲᠠᠯ᠎ᠠ᠂ ᠬᠢᠨᠠᠨ ᠬᠠᠮᠢᠶᠠᠷᠬᠤ ᠨᠢᠭᠡᠴᠢ ᠶᠢ ᠳᠠᠭᠠᠭᠤᠯᠤᠨ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃     ᠠᠵᠢᠯ ᠡᠬᠢᠯᠡᠬᠦ ᠶᠣᠰᠣᠯᠠᠯ ᠳᠡᠭᠡᠷ᠎ᠡ᠂ ᠯᠢᠦ ᠰᠢᠶᠣᠤ ᠸᠧᠶ ᠲᠠᠨᠢᠯᠴᠠᠭᠤᠯᠬᠤ ᠳᠠᠭᠠᠨ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢᠨ ᠲᠥᠯᠥᠭᠡ ᠶᠤᠮ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠪᠠ ᠬᠡᠪᠴᠢᠶᠡᠵᠢᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠨᠢᠭᠡ ᠪᠦᠯᠦᠭ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠥᠪᠬᠢᠨᠡᠭᠦᠯᠦᠨ ᠠᠵᠢᠯ ᠣᠯᠭᠤᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠲᠡᠵᠢᠭᠡᠨ ᠦᠷᠡᠵᠢᠭᠦᠯᠬᠦ  ᠦᠢᠯᠡᠰ ᠢ ᠬᠥᠭᠵᠢᠭᠦᠯᠬᠦ ᠶᠢᠨ ᠤᠯᠠᠮ ᠠᠴᠠ ᠠᠵᠤ ᠦᠢᠯᠡᠰ ᠢᠶᠠᠷ ᠬᠥᠳᠡᠭᠡ ᠲᠣᠰᠬᠤᠨ ᠢ ᠬᠦᠴᠦᠷᠬᠡᠭᠵᠢᠭᠦᠯᠬᠦ ᠵᠣᠷᠢᠯᠭ᠎ᠠ ᠳᠠᠭᠠᠨ ᠬᠦᠷᠬᠦ ᠬᠡᠷᠡᠭᠲᠡᠶ᠃ ᠪᠠᠢ ᠰᠢᠶᠣᠤ ᠶᠦᠩ ᠪᠠᠷᠢᠯᠭ᠎ᠠ ᠪᠠᠷᠢᠬᠤ ᠨᠢᠭᠡᠴᠡ ᠶᠢ ᠪᠦᠲᠦᠭᠡᠨ ᠪᠠᠶᠢᠭᠤᠯᠤᠯᠲᠠ ᠶᠢᠨ ᠳᠤᠮᠳᠠ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠬᠡᠷᠡᠭᠲᠡᠶ ᠭᠡᠵᠦ ᠱᠠᠭᠠᠷᠳᠠᠪᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠬᠢᠵᠠᠭᠠᠷᠯᠠᠵᠤ᠂ ᠡᠯ᠎ᠡ ᠰᠠᠯᠠᠭ᠎ᠠ ᠮᠥᠴᠢᠷ ᠤᠳ ᠬᠤᠭᠤᠷᠣᠨᠳᠣ ᠪᠠᠨ ᠵᠣᠬᠢᠴᠠᠭᠤᠯᠤᠨ ᠬᠠᠮᠵᠢᠯᠴᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠶᠤᠯ ᠦᠭᠡᠢ᠂ ᠶᠠᠰᠤ ᠴᠢᠨᠠᠷ ᠶᠣᠰᠣᠭᠠᠷ᠂ ᠴᠠᠭ ᠲᠤᠬᠠᠶ ᠳᠤᠨᠢ ᠲᠦᠯᠬᠢᠨ ᠠᠬᠢᠭᠤᠯᠬᠤ ᠬᠡᠷᠡᠭᠲᠡᠶ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠭᠤᠣᠯᠳᠠᠭᠤ᠄ ᠭᠠᠭ᠋ᠠᠶ ᠶᠢᠨ ᠡᠭᠦᠷ 6 ᠰᠢᠨ᠎ᠡ ᠪᠠᠷ ᠪᠠᠶᠢᠭᠤᠯᠵᠤ᠂ ᠵᠢᠴᠢ ᠡᠪᠡᠰᠦ ᠪᠣᠷᠳᠣᠭᠠᠨ ᠤ ᠬᠥᠮᠥᠷᠭᠡ᠂ ᠬᠢᠵᠢᠭ ᠰᠡᠷᠭᠡᠶᠢᠯᠡᠬᠦ ᠲᠠᠰᠤᠭ᠂ ᠦᠷ᠎ᠡ ᠶᠢᠨ ᠭᠠᠭ᠋ᠠᠶ ᠦᠷᠡᠵᠢᠭᠦᠯᠦᠨ ᠪᠤᠶᠢᠵᠢᠭᠤᠯᠬᠤ ᠲᠠᠰᠤᠭ᠂ ᠭᠠᠭ᠋ᠠᠢ ᠶᠢᠨ ᠰᠠᠷᠠᠪᠴᠢ ᠶᠢᠨ ᠪᠠᠭᠠᠰᠤ ᠶᠢ ᠰᠢᠢᠳᠪᠦᠷᠢᠯᠡᠬᠦ ᠴᠥᠭᠦᠷᠥᠮ ᠵᠡᠷᠭᠡ︔ ᠦᠬᠡᠷ ᠤᠨ ᠬᠠᠰᠢᠶ᠎ᠠ 8 ᠰᠠᠭᠤᠷᠢ ᠵᠢᠴᠢ ᠢᠵᠢ ᠪᠦᠷᠢᠳᠦᠭᠦᠯᠬᠦ ᠡᠪᠡᠰᠦ ᠪᠣᠷᠳᠣᠭᠠᠨ ᠤ ᠬᠥᠮᠥᠷᠭᠡ᠂ ᠬᠥᠬᠡ ᠳᠠᠷᠤᠰᠢᠭᠤᠯᠬᠤ ᠵᠣᠭᠤᠷᠢ᠂ ᠦᠬᠡᠷ ᠤᠨ ᠭᠡᠷ ᠤᠨ ᠪᠠᠭᠠᠰᠤᠨ ᠪᠣᠬᠢᠷᠲᠤᠯ ᠢ ᠰᠢᠶ᠋ᠳᠪᠦᠷᠢᠯᠡᠬᠦ ᠴᠥᠭᠦᠷᠥᠮ ᠵᠡᠷᠭᠡ ᠶᠢ ᠰᠢᠨ᠎ᠡ ᠪᠠᠷ ᠪᠠᠶᠢᠭᠤᠯᠤᠨ᠎ᠠ᠃     ᠲᠤᠰ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠠᠰᠢᠭᠲᠠᠢ᠂ ᠡᠭᠦᠨ ᠤ ᠬᠠᠮᠲᠤ ᠣᠷᠣᠨ ᠨᠤᠲᠤᠭ ᠤᠨ ᠠᠵᠤ ᠠᠬᠤᠶ ᠶᠢ ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠪᠦᠬᠦ ᠰᠢᠶᠠᠩ ᠤᠨ ᠠᠵᠤ ᠠᠬᠤᠶ ᠶᠢᠨ ᠲᠣᠭᠲᠠᠭᠤᠨ ᠬᠥᠭᠵᠢᠯᠲᠡ ᠪᠣᠯᠤᠨ ᠨᠡᠶᠢᠭᠡᠮ ᠤᠨ ᠦᠷᠭᠦᠯᠵᠢᠯᠡᠨ ᠳᠠᠪᠰᠢᠯᠲᠠ ᠶᠢ ᠪᠡᠶᠡᠯᠡᠭᠦᠯᠵᠦ᠂ ᠨᠠᠮᠤ ᠣᠷᠴᠣᠨ ᠦᠨᠳᠦᠰᠦᠲᠡᠨ ᠤ ᠰᠢᠶᠠᠩ ᠤᠨ ᠢᠷᠡᠭᠡᠳᠦᠶ ᠶᠢᠨ ᠬᠥᠭᠵᠢᠯᠲᠡ ᠰᠢᠨ᠎ᠡ ᠬᠠᠭᠤᠳᠠᠰᠤ ᠶᠢ ᠰᠡᠬᠦᠬᠦ ᠪᠣᠯᠤᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号