ᠵᠦᠩ ᠾᠧ ᠪᠠᠯᠭᠠᠰᠤ᠄ ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠷ ᠲᠦᠰᠢᠭ ᠪᠣᠯᠭᠠᠨ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2020/11/11
     ᠡᠨᠡ ᠵᠢᠯ ᠠᠴᠠ ᠨᠠᠰᠢ᠂ ᠵᠥᠩ ᠾᠧ ᠪᠠᠯᠭᠠᠰᠤ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ ᠲᠠᠰᠤᠷᠠᠯᠲᠠ ᠦᠭᠡᠢ ᠬᠥᠭᠵᠢᠬᠦ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂  ᠦᠢᠯᠡᠴᠢᠯᠡᠬᠡᠨ ᠤ ᠬᠡᠪ ᠵᠠᠭᠪᠤᠷ ᠪᠣᠯᠤᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠴᠠᠭ ᠲᠤᠬᠠᠶ ᠳᠤᠨᠢ ᠬᠤᠪᠢᠷᠠᠭᠤᠯᠵᠤ ᠂ ᠭᠠᠵᠠᠷ ᠰᠢᠷᠣᠶ ᠶᠢ ᠨᠠᠶᠢᠳᠡᠮ ᠬᠠᠮᠢᠶᠠᠷᠤᠭᠤᠯᠬᠤ ᠪᠠ ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ ᠤᠨ  ᠦᠢᠯᠡᠴᠢᠯᠡᠭᠡ ᠶᠢ ᠶᠡᠬᠡᠪᠡᠷ ᠥᠷᠨᠢᠭᠦᠯᠵᠦ᠂  ᠦᠢᠯᠡᠴᠢᠯᠡᠬᠡᠨ ᠤ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂  ᠦᠢᠯᠡᠴᠢᠯᠡᠬᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠠᠭᠤᠯᠪᠤᠷᠢᠯᠠᠵᠤ ᠪᠣᠯᠬᠤ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠬᠥᠭᠵᠢᠯᠲᠡ ᠪᠠᠨ ᠲᠦᠷᠭᠡᠳᠬᠡᠬᠦ ᠵᠠᠮ ᠢᠶᠠᠷ ᠵᠠᠮᠨᠠᠬᠤ ᠬᠡᠷᠡᠭᠲᠡᠶ᠃ ᠵᠥᠩ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠬᠤᠩ ᠰᠢᠩ ᠲᠣᠰᠬᠤᠨ᠂ ᠰᠠᠨ ᠳ᠋ᠤᠤ ᠭᠸᠦ ᠲᠣᠰᠬᠤᠨ ᠢᠶᠠᠷ ᠲᠥᠪ ᠪᠣᠯᠭᠠᠨ᠂ ᠴᠢᠭ ᠢᠶᠠᠷ ᠨᠡᠶᠢᠳᠡᠮ ᠢ ᠳᠠᠶᠢᠴᠢᠯᠠᠵᠤ᠂ ᠨᠡᠶᠢᠭᠡᠮᠴᠢᠯᠡᠭᠰᠡᠨ ᠦᠢᠯᠡᠴᠢᠯᠡᠬᠡᠨ ᠤ ᠲᠠᠷᠢᠶᠠᠯᠠᠩ ᠤᠨ ᠮᠠᠰᠢᠨ ᠤ ᠲᠤᠰᠬᠠᠶ ᠠᠵᠢᠯ ᠤᠨ ᠬᠤᠷᠰᠢᠶ᠎ᠠ ᠶᠢᠨ ᠣᠷᠣᠯᠠᠨ ᠲᠠᠷᠢᠶᠠᠯᠠᠬᠤ ᠣᠷᠣᠯᠠᠨ ᠬᠤᠷᠢᠶᠠᠬᠤ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ ᠬᠠᠮᠢᠶ᠎ᠠ ᠪᠥᠬᠦᠶ ᠮᠠᠰᠢᠨ ᠲᠥᠬᠦᠭᠡᠷᠦᠮᠵᠢ 40 ᠰᠠᠤᠷᠢ ︵ᠢᠵᠢ︶ ᠬᠤᠳᠠᠯᠳᠤᠨ ᠠᠪᠴᠤ᠂ ᠪᠣᠯᠣᠳ ᠵᠢᠶᠠᠰᠠ ᠶᠢᠨ ᠪᠦᠲᠦᠴᠡᠲᠦ ᠥᠩᠭᠡᠲᠦ ᠪᠣᠯᠣᠳ ᠮᠠᠰᠢᠨ ᠤ ᠬᠥᠮᠥᠷᠭᠡ 700 ᠶᠢ ᠰᠢᠨ᠎ᠡ ᠪᠠᠷ ᠪᠠᠶᠢᠭᠤᠯᠪᠠ᠃ ᠣᠷᠣᠯᠠᠨ ᠲᠠᠷᠢᠬᠤ᠂ ᠣᠷᠣᠯᠠᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠪᠠᠯᠭᠠᠰᠤᠨ ᠤ ᠨᠢᠭᠡ ᠴᠣᠭᠴᠠᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠪᠦᠬᠦᠨ ᠢ ᠬᠠᠮᠤᠷᠤᠭᠤᠯᠬᠤ ᠶᠢ ᠠᠩᠬ᠎ᠠ ᠠᠯᠬᠤᠮ ᠪᠡᠶᠡᠯᠡᠭᠦᠯᠬᠦ ᠶᠢᠨ ᠬᠠᠮᠲᠤ ᠡᠷᠴᠢᠮᠵᠢᠭᠦᠯᠦᠭᠰᠡᠨ ᠡᠵᠡᠩᠨᠡᠯᠲᠡ ᠶᠢ ᠠᠬᠢᠭᠤᠯᠵᠤ᠂ ᠮᠧᠬᠠᠨᠢᠭᠵᠢᠭᠤᠯᠤᠨ ᠲᠠᠷᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠬᠥᠳᠡᠯᠮᠦᠷᠢᠯᠡᠬᠦ ᠴᠠᠭ ᠢ ᠠᠷᠪᠢᠯᠠᠵᠤ᠂ ᠲᠠᠷᠢᠶᠠᠴᠢᠳ ᠤᠨ ᠬᠦᠴᠦ ᠶᠠᠪᠤᠵᠤ ᠪᠠᠶᠢᠭ᠎ᠠ ᠣᠷᠣᠯᠭ᠎ᠠ ᠶᠢ ᠨᠡᠮᠡᠭᠳᠡᠬᠦᠯᠪᠡ᠃      ᠨᠢᠭᠡ ᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠶᠢᠭᠤᠯᠬᠤ ᠪᠠᠷ ᠳᠠᠮᠵᠢᠭᠤᠯᠤᠨ᠂ ᠨᠢᠭᠡ ᠪᠦᠯᠦᠭ ᠲᠠᠷᠢᠶᠠᠯᠠᠩ ᠤᠨ ᠦᠢᠯᠡᠳᠪᠦᠷᠢᠯᠡᠯ ᠤᠨ ᠪᠠᠴᠢᠮ ᠬᠡᠷᠡᠭᠴᠡᠭᠡ ᠲᠠᠢ ᠣᠳᠣ ᠶᠢᠨ ᠲᠡᠷᠢᠭᠦᠨ ᠤ ᠣᠳᠣ ᠬᠢᠴᠢᠯᠠᠭᠰᠠᠨ ᠲᠠᠷᠢᠶᠠᠯᠠᠩ ᠤᠨ ᠮᠠᠰᠢᠨ ᠪᠠᠭᠠᠵᠢ ᠶᠢ ᠲᠣᠨᠣᠭᠯᠠᠵᠤ᠂ ᠭᠠᠵᠠᠷ ᠲᠡᠭᠰᠢᠯᠡᠬᠦ᠂ ᠡᠰᠢ ᠰᠦᠷᠡᠯ ᠢ ᠲᠠᠷᠢᠶᠠᠯᠠᠬᠤ ᠪᠠ ᠥᠨᠳᠥᠷ ᠪᠦᠲᠦᠮᠵᠢᠲᠡᠶ ᠬᠤᠷᠢᠶᠠᠯᠲᠠ ᠶᠢᠨ ᠠᠵᠢᠯ ᠢ ᠥᠷᠨᠢᠭᠦᠯᠵᠡᠶ᠃ ᠲᠠᠷᠢᠶᠠᠴᠢᠳ ᠤᠨ ᠬᠥᠳᠡᠯᠮᠦᠷᠢ ᠶᠢᠨ ᠡᠷᠴᠢᠮ ᠢ ᠲᠦᠯ ᠤᠨ ᠶᠡᠭᠡ ᠪᠠᠷ ᠪᠠᠭᠤᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠡᠶ᠃ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠪᠠ᠃ ᠡᠨᠡ ᠵᠢᠯ ᠤᠨ ᠨᠠᠮᠤᠷ ᠤᠨ ᠬᠤᠷᠢᠶᠠᠯᠲᠠ ᠳᠤ ᠪᠦᠬᠦ ᠪᠠᠯᠭᠠᠰᠤᠨ ᠤ ᠮᠠᠰᠢᠨᠴᠢᠯᠠᠯᠲᠠ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠬᠤᠶᠠᠷ ᠲᠣᠰᠬᠤᠨ ᠤ ᠮᠠᠰᠢᠨᠴᠢᠯᠠᠨ ᠠᠵᠢᠯᠯᠠᠬᠤ ᠲᠣᠭᠤᠷᠢᠭ ᠵᠢᠴᠢ ᠡᠷᠭᠢᠨ ᠲᠣᠭᠤᠷᠢᠨ ᠤ ᠣᠷᠣᠨ ᠪᠦᠰᠡ ᠶᠢᠨ ᠡᠰᠢ ᠰᠦᠷᠡᠯ ᠤᠨ ᠶᠡᠷᠦᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃     ᠬᠤᠶᠠᠷ ᠲᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠪᠠ᠃ ᠲᠠᠷᠢᠶᠠᠯᠠᠩ ᠤᠨ ᠮᠠᠰᠢᠨ ᠤ ᠬᠤᠷᠰᠢᠶ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠵᠢᠵᠢᠭ ᠲᠠᠷᠢᠶᠠᠴᠢᠨ ᠡᠷᠤᠭᠡ ᠶᠢᠨ ᠵᠣᠬᠢᠶᠠᠨ ᠪᠠᠶᠢᠭᠤᠯᠤᠯᠴᠠᠭᠰᠠᠨ ᠦᠢᠯᠡᠳᠪᠦᠷᠢᠯᠡᠯ ᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠢ ᠵᠢᠵᠢᠭ ᠮᠧᠬᠠᠨᠢᠭ ᠠᠴᠠ ᠲᠤᠮᠤ ᠮᠧᠬᠠᠨᠢᠭ ᠢᠶᠠᠷ ᠠᠵᠢᠯᠯᠠᠬᠤ᠂ ᠪᠠᠭ᠎ᠠ ᠬᠡᠪᠴᠢᠶ᠎ᠡ ᠪᠠᠷ ᠶᠡᠭᠡ ᠬᠡᠪᠴᠢᠶ᠎ᠡ ᠪᠠᠷ ᠡᠵᠡᠩᠨᠡᠬᠦ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠡᠭᠦᠨ ᠤ ᠬᠠᠮᠲᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠢ ᠠᠬᠢᠭᠤᠯᠪᠠ᠃ ᠲᠠᠷᠢᠶᠠᠯᠠᠩ ᠤᠨ ᠮᠠᠰᠢᠨ ᠤ ᠬᠤᠷᠰᠢᠶᠠᠨ ᠤ ᠦᠢᠯᠡᠳᠪᠦᠷᠢᠯᠡᠯ ᠡᠵᠡᠩᠨᠡᠯᠲᠡ᠂ ᠮᠧᠬᠠᠨᠢᠭ ᠲᠥᠬᠦᠭᠡᠷᠦᠮᠵᠢ ᠶᠢ ᠬᠤᠷᠰᠢᠭᠰᠠᠨ ᠠᠵᠤ ᠠᠬᠤᠶᠢᠯᠠᠯ᠂ ᠴᠢᠳᠠᠪᠤᠷᠢᠲᠠᠨ ᠳᠤ ᠨᠢᠭᠡᠳᠦᠯᠲᠡᠶ ᠲᠦᠷᠢᠶᠡᠰᠦᠯᠡ ᠭᠦᠯᠦᠨ ᠡᠵᠡᠩᠨᠡᠭᠦᠯᠬᠦ ᠠᠷᠭ᠎ᠠ ᠬᠡᠯᠪᠡᠷᠢ ᠶᠢ ᠠᠪᠴᠤ᠂ ᠠᠵᠤ ᠠᠬᠤᠶᠢᠯᠠᠯ᠂ ᠴᠢᠳᠠᠪᠤᠷᠢᠲᠠᠨ ᠤ ᠶᠠᠳᠠᠭᠤ ᠶᠢ ᠳᠠᠭᠠᠭᠤᠯᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠢᠯ ᠣᠯᠬᠤ ᠨᠣᠷᠮ᠎ᠠ ᠶᠢᠨ ᠳᠡᠭᠡᠭᠰᠢᠯᠡᠭᠦᠯᠵᠦ᠂ ᠲᠤᠰ ᠲᠣᠰᠬᠤᠨ ᠵᠢᠴᠢ ᠡᠷᠬᠢᠨ ᠲᠣᠭᠤᠷᠢᠨ ᠤ ᠪᠠᠯᠭᠠᠰᠤ ᠣᠷᠣᠨ ᠪᠦᠰᠡ ᠶᠢᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠬᠠᠮᠤᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠮᠥᠷᠲᠡᠭᠡᠨ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢ ᠠᠬᠢᠭᠤᠯᠤᠨ᠎ᠠ᠃ ᠡᠭᠦᠨ ᠳᠤ ᠡᠰᠢ ᠰᠦᠢᠷᠡᠯ ᠢ ᠬᠡᠮᠬᠡᠯᠬᠦ ᠪᠠᠷ ᠳᠠᠮᠵᠢᠨ ᠪᠠᠭᠯᠠᠵᠤ᠂ ᠲᠠᠷᠢᠮᠠᠯ ᠤᠨ ᠦᠢᠯᠡᠰ ᠠᠴᠠ ᠲᠡᠵᠢᠭᠡᠨ ᠦᠷᠡᠵᠢᠭᠦᠯᠬᠦ᠂ ᠪᠣᠯᠪᠠᠰᠤᠷᠠᠭᠤᠯᠬᠤ ᠦᠢᠯᠡᠰ ᠵᠡᠷᠭᠡ ᠭᠤᠭᠴᠤᠭ᠎ᠠ ᠲᠡᠰᠢ ᠤᠷᠲᠤᠳᠬᠠᠵᠤ᠂ ᠲᠠᠷᠢᠶᠠᠯᠠᠩ ᠤᠨ ᠠᠵᠤ ᠦᠶᠢᠯᠡᠰᠵᠢᠭᠰᠡᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠡᠶ᠃ ᠲᠣᠰᠬᠤᠨ ᠤ ᠬᠠᠮᠲᠤ ᠨᠡᠶᠢᠲᠡ᠂ ᠲᠠᠷᠢᠶᠠᠴᠢᠨ ᠡᠷᠦᠬᠡ ᠪᠣᠯᠤᠨ ᠲᠣᠮᠣ ᠵᠠᠬ᠎ᠠ ᠳᠡᠯᠭᠡᠭᠦᠷ ᠤᠨ ᠪᠦᠲᠦᠮᠵᠢᠲᠡᠶ ᠵᠣᠯᠭᠠᠭᠤᠯᠤᠯᠲᠠ ᠶᠢ ᠪᠡᠶᠡᠯᠡᠭᠦᠯᠪᠡ᠃     ᠭᠤᠷᠪᠠ ᠳᠤ᠂ ᠪᠦᠬᠦ ᠪᠠᠯᠭᠠᠰᠤᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠲᠠᠷᠢᠶᠠᠯᠠᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠠᠷ᠎ᠠ ᠬᠥᠷᠥᠰᠥ ᠰᠢᠷᠣᠶ ᠶᠢ ᠬᠠᠮᠠᠭᠠᠯᠠᠵᠤ ᠠᠰᠢᠭᠯᠠᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ ᠨᠠᠮᠤᠷ ᠤᠨ ᠬᠤᠷᠢᠶᠠᠯᠲᠠ ᠠᠴᠠ ᠨᠠᠰᠢ᠂ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠦᠨ ᠬᠡᠷᠡᠭᠯᠡᠵᠡᠶ᠃ ᠬᠥᠷᠥᠰᠥ ᠰᠢᠷᠣᠶ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠪᠦᠲᠦᠮᠵᠢᠲᠡᠶ ᠳᠡᠭᠡᠭᠰᠢᠯᠡᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠳᠤ ᠵᠠᠩᠭᠢᠯᠠᠭ᠎ᠠ ᠶᠢᠨ ᠠᠷᠭ᠎ᠠ ᠵᠠᠮ ᠢ ᠰᠦᠪᠡᠭᠴᠢᠯᠡᠵᠡᠶ᠃ ᠲᠣᠰ ᠭᠠᠵᠠᠷ ᠣᠷᠣᠨ ᠤ ᠬᠥᠬᠡ ᠣᠭᠲᠠᠷᠭᠤᠶ ᠶᠢ ᠬᠠᠮᠠᠭᠠᠯᠠᠬᠤ ᠳᠡᠶᠢᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠰᠢᠨ᠎ᠡ ᠬᠦᠴᠦᠨ ᠪᠣᠯᠤᠭᠰᠠᠨ ᠪᠠᠶᠢᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号