ᠸᠠ ᠳ᠋ᠢ ᠰᠢᠶᠠᠩ᠄ ᠡᠰᠢ ᠰᠦᠷᠡᠯ ᠢ ᠬᠠᠶᠠᠭᠳᠠᠮᠠᠯ ᠪᠣᠳᠠᠰ ᠠᠴᠠ ᠡᠷᠳᠡᠨᠢ ᠪᠣᠯᠭᠠᠨ ᠬᠤᠪᠢᠷᠠᠭᠤᠯᠵᠤ᠂ ᠬᠦᠴᠢᠷ ᠠᠰᠠᠭᠤᠳᠠᠯ ᠢ ︽ᠠᠮᠲᠠᠲᠤ ᠪᠣᠤᠪᠤ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2020/11/11
     ᠦᠷ᠎ᠡ ᠶᠢᠨ ᠵᠢᠯ ᠳᠤ᠂ ᠸᠠ ᠳ᠋ᠢ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢᠨ ᠲᠥᠯᠥᠭᠡ ᠪᠦᠬᠦ ᠰᠢᠶᠠᠩ ᠤᠨ ᠬᠡᠪᠴᠢᠶᠡᠨ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠬᠡᠯᠪᠡᠷᠢ ᠶᠢ ᠳᠡᠯᠭᠡᠷᠡᠭᠦᠯᠵᠡᠶ᠃ ᠨᠢᠭᠡ ᠲᠠᠯ᠎ᠠ ᠪᠠᠷ ᠡᠰᠢ ᠰᠦᠷᠡᠯ ᠢ ᠲᠠᠷᠢᠶᠠᠨ ᠳᠤ ᠣᠷᠣᠭᠤᠯᠬᠤ ᠶᠢ ᠠᠬᠢᠭᠤᠯᠵᠤ᠂ ᠬᠥᠷᠥᠰᠥ ᠰᠢᠷᠣᠢ ᠶᠢᠨ ᠦᠩ ᠰᠢᠮ᠎ᠡ ᠶᠢ ᠨᠡᠮᠡᠭᠳᠡᠭᠦᠯᠵᠦ᠂ ᠨᠥᠬᠦᠭᠡ ᠲᠠᠯ᠎ᠠ ᠪᠠᠷ ᠡᠰᠢ ᠰᠦᠷᠡᠯ ᠢ ︽ᠲᠡᠵᠢᠭᠡᠯ ᠪᠣᠷᠳᠤᠭ᠎ᠠ︾ ᠲᠠᠢ ᠠᠰᠢᠭᠯᠠᠬᠤ ᠶᠢ ᠬᠥᠲᠥᠯᠥᠨ ᠵᠢᠯᠣᠭᠤᠳᠴᠤ᠂ ᠡᠰᠢ ᠰᠦᠢᠷᠡᠯ ᠤᠨ ︽ᠠᠵᠤ ᠠᠬᠤᠶ + ᠠᠮᠢ ᠠᠬᠤᠶ︾ ᠶᠢᠨ ᠬᠤᠤᠰ ᠦᠷ᠎ᠡ ᠠᠰᠢᠭ ᠢ ᠪᠡᠶᠡᠯᠡᠭᠦᠯᠵᠦ᠂ ᠡᠰᠢ ᠰᠦᠢᠷᠡᠯ ᠢ ᠦᠨᠡᠨ ᠬᠦ ᠬᠠᠶᠠᠭᠳᠠᠮᠠᠯ ᠡᠳ᠋ ᠪᠣᠯᠭᠠᠨ ᠬᠤᠪᠢᠷᠠᠭᠤᠯᠵᠤ᠂ ᠬᠠᠷ᠎ᠠ ᠬᠥᠷᠥᠰᠥᠨ ᠳᠤ ᠠᠰᠢᠭᠲᠠᠢ ᠮᠥᠷᠲᠡᠬᠡᠨ ᠠᠷᠠᠳ ᠲᠥᠮᠡᠨ ᠢ ᠴᠢᠨᠡᠬᠡᠯᠢᠭᠵᠢᠬᠦᠯᠪᠡ᠃     ᠨᠢᠭᠡ ᠳᠤ ᠡᠰᠢ ᠰᠦᠷᠡᠯ ᠢ ᠲᠠᠷᠢᠶᠠᠨ ᠳᠤ ᠣᠷᠣᠭᠤᠯᠵᠤ ᠪᠣᠷᠳᠤᠭᠤᠷ ᠪᠣᠯᠭᠠᠨ᠎ᠠ᠃ ᠠᠮᠤ ᠪᠤᠳᠠᠭ᠎ᠠ ᠪᠠᠨ ᠲᠠᠷᠢᠶᠠᠨ ᠳᠤ ᠬᠠᠳᠠᠭᠠᠯᠠᠵᠤ ᠪᠤᠢ᠃ ᠡᠰᠢ ᠰᠦᠢᠷᠡᠯ ᠢ ᠲᠠᠷᠢᠶᠠᠨ ᠳᠤ ᠣᠷᠣᠭᠤᠯᠵᠤ᠂ ᠬᠥᠷᠥᠰᠥ ᠰᠢᠷᠣᠶ ᠶᠢᠨ ᠣᠷᠭᠠᠨᠢᠭ ᠪᠣᠳᠠᠰ ᠢ ᠨᠡᠮᠡᠭᠳᠡᠭᠦᠯᠵᠦ᠂ ᠬᠠᠷ᠎ᠠ ᠬᠥᠷᠥᠰᠥ ᠶᠢ ᠬᠠᠮᠠᠭᠠᠯᠠᠭᠰᠠᠨ ᠮᠥᠷᠲᠡᠭᠡᠨ ᠪᠠᠰᠠ ᠭᠠᠷᠤᠯᠲᠠ ᠪᠠᠨ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠴᠢᠳᠠᠨ᠎ᠠ᠃ ᠬᠤᠶᠠᠷ ᠲᠤ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢ ᠵᠣᠷᠢᠭᠵᠢᠭᠤᠯᠤᠨ ᠳᠠᠮᠵᠢᠵᠤ ᠡᠰᠢ ᠰᠦᠷᠡᠯ ᠬᠡᠮᠬᠡᠯᠬᠦ ᠮᠠᠰᠢᠨ ᠣᠷᠣᠭᠤᠯᠵᠤ᠂ ᠬᠡᠮᠬᠡᠯᠬᠦ ᠮᠠᠰᠢᠨ ᠢ ᠬᠡᠷᠡᠭᠯᠡᠬᠦ ᠪᠠᠷ ᠳᠠᠮᠵᠢᠨ ᠡᠰᠢ ᠰᠦᠷᠡᠯ ᠢ ᠲᠠᠷᠢᠶᠠᠨ ᠳᠤ ᠪᠤᠴᠠᠭᠠᠵᠠᠶ᠃ ᠠᠷᠠᠳ ᠢᠷᠭᠡᠳ ᠤᠨ ᠬᠦᠯᠢᠶᠡᠨ ᠠᠪᠴᠤ ᠪᠣᠯᠬᠤ ᠬᠡᠪᠴᠢᠶᠡᠨ ᠳᠣᠲᠣᠷ᠎ᠠ ᠡᠰᠢ ᠰᠦᠷᠡᠯ ᠢ ᠲᠠᠷᠢᠶᠠᠨ ᠳᠤ ᠪᠤᠴᠠᠭᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ ᠡᠰᠢ ᠰᠦᠷᠡᠯ ᠢ ᠪᠠᠭᠯᠠᠵᠤ ᠪᠣᠷᠳᠤᠭ᠎ᠠ ᠪᠣᠯᠭᠠᠨ ᠬᠤᠪᠢᠷᠠᠭᠤᠯᠵᠤ᠂ ᠬᠠᠶᠠᠭᠳᠠᠮᠠᠯ ᠡᠳ᠋ ᠢ ︽ᠵᠣᠭᠤᠰ︾ ᠪᠣᠯᠭᠠᠨ ᠬᠤᠪᠢᠷᠠᠭᠤᠯᠵᠠᠢ᠃ ᠲᠣᠰ ᠠᠷᠭ᠎ᠠ ᠮᠠᠶ᠋ᠢᠭ ᠨᠢ ᠳᠠᠷᠤᠶ ᠡᠰᠢ ᠰᠦᠷᠡᠯ ᠢ ᠬᠡᠮᠬᠡᠯᠦᠨ᠂ ᠪᠠᠭᠯᠠᠵᠤ ᠪᠣᠷᠳᠤᠭ᠎ᠠ ᠪᠣᠯᠭᠠᠨ ᠬᠤᠪᠢᠷᠠᠭᠤᠯᠵᠤ᠂ ᠪᠣᠯᠪᠠᠰᠤᠷᠠᠭᠤᠯᠤᠭᠰᠠᠨ ᠲᠡᠵᠢᠭᠡᠯ ᠪᠣᠷᠳᠤᠭ᠎ᠠ ᠪᠠᠨ ᠨᠢᠭᠡ ᠪᠣᠯ ᠭᠡᠷ ᠲᠡᠭᠡᠨ ᠦᠯᠡᠳᠡᠭᠡᠵᠦ ᠬᠡᠷᠡᠭᠯᠡᠵᠦ᠂ ᠨᠢᠭᠡ ᠪᠣᠯ ᠭᠠᠳᠠᠭᠰᠢ ᠪᠠᠨ ᠬᠤᠳᠠᠯᠳᠤᠨ᠎ᠠ᠃ ᠣᠳᠣᠬᠢ ᠱᠠᠲᠤᠨ ᠳᠤ ᠶᠠᠭ ᠡᠰᠢ ᠰᠦᠷᠡᠯ ᠴᠤᠭᠯᠠᠭᠤᠯᠬᠤ ᠣᠷᠭᠢᠯ ᠬᠤᠭᠤᠴᠠᠭᠠᠨ ᠳᠤ ᠣᠷᠣᠰᠢᠵᠤ ᠪᠠᠶᠢᠨ᠎ᠠ᠃ ᠠᠷᠪᠠ ᠭᠠᠷᠤᠶ ᠪᠣᠭᠤᠵᠢᠯᠠᠬᠤ ᠮᠠᠰᠢᠨ ᠡᠳᠦᠷ ᠪᠦᠷᠢ ᠵᠣᠭᠰᠣᠯ ᠦᠭᠡᠢ ᠠᠵᠢᠯᠯᠠᠵᠤ ᠪᠠᠢᠨ᠎ᠠ᠃ ᠲᠠᠨᠢᠯᠴᠠᠭᠤᠯᠤᠭᠰᠠᠨ ᠢᠶᠠᠷ᠂ ᠨᠢᠭᠡ ᠪᠣᠭᠤᠵᠢᠯᠠᠬᠤ ᠮᠠᠰᠢᠨ ᠡᠳᠦᠷ ᠲᠤ 100 ᠮᠦ ᠣᠷᠴᠢᠮ ᠡᠰᠢ ᠰᠦᠷᠡᠯ ᠬᠤᠷᠢᠶᠠᠳᠠᠭ᠂ ᠨᠢᠭᠡ ᠮᠦ ᠭᠠᠵᠠᠷ ᠨᠢ ᠪᠠᠷᠤᠭ 6 — 7 ᠪᠠᠭᠯᠠᠭ᠎ᠠ ᠲᠡᠵᠢᠭᠡᠯ ᠪᠣᠷᠳᠤᠭ᠎ᠠ ᠭᠠᠷᠴᠤ᠂ ᠡᠰᠢ ᠰᠦᠢᠷᠡᠯ ᠢ ᠠᠰᠢᠭᠯᠠᠭᠠᠳ ᠬᠠᠶᠠᠭᠳᠠᠮᠠᠯ ᠢ ᠡᠷᠳᠡᠨᠢ ᠪᠣᠯᠭᠠᠪᠠ  ᠃     ᠸᠠ ᠳ᠋ᠢ ᠰᠢᠶᠠᠩ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠷᠠᠳ ᠣᠯᠠᠨ ᠢ ᠳᠠᠭᠠᠭᠤᠯᠤᠨ ᠡᠰᠢ ᠰᠦᠷᠡᠯ ᠢ ᠠᠰᠢᠭᠯᠠᠬᠤ ᠰᠢᠨ᠎ᠡ ᠵᠠᠮ ᠢ ᠰᠦᠪᠡᠭᠴᠢᠯᠡᠵᠦ᠂ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠡᠷᠢᠯᠬᠢᠯᠡᠵᠡᠶ᠃ ︽ᠬᠠᠶᠠᠭᠳᠠᠮᠠᠯ ᠡᠰᠢ ᠰᠦᠷᠡᠯ︾ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠬᠤᠪᠣᠷ ᠡᠷᠳᠡᠨᠢ︾ ᠪᠣᠯᠭᠠᠪᠠ᠃ ︵ᠨᠠᠶᠢᠷᠠᠭᠤᠯᠤᠭᠴᠢ ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号