ᠵᠦᠩ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠲᠥᠪᠯᠡᠷᠡᠭᠦᠯᠦᠨ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/11
    11 ᠰᠠᠷ᠎ᠠ ᠶᠢᠨ 9 ᠤ ᠡᠳᠦᠷ᠂ ᠵᠥᠩ ᠾᠧ ᠪᠠᠯᠭᠠᠰᠤ ᠪᠦᠬᠦ ᠪᠠᠯᠭᠠᠰᠤᠨ ᠤ ᠬᠤᠷᠠᠯ ᠬᠤᠷᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠮᠡᠳᠡᠪᠡᠯ ᠵᠣᠬᠢᠬᠤ ᠲᠤᠬᠠᠶᠢᠯᠠᠭᠰᠠᠨ ᠠᠵᠢᠯ ᠤᠨ ᠮᠡᠳᠡᠯᠭᠡ ᠳᠤ ᠲᠥᠪᠯᠡᠷᠡᠩᠭᠦᠶ ᠪᠣᠯᠪᠠᠰᠤᠷᠠᠭᠤᠯᠤᠯ ᠬᠢᠬᠦ ᠬᠡᠷᠡᠭᠲᠡᠶ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠪᠦᠬᠦ ᠺᠠᠳ᠋ᠷ ᠢ ᠳᠠᠭᠠᠭᠠᠨ ᠲᠡᠳᠬᠦᠬᠦ᠂ ᠪᠠᠯᠭᠠᠰᠤ ᠲᠣᠰᠬᠤᠨ ᠤ ᠠᠵᠢᠯ ᠤᠨ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠᠩ ᠵᠢᠶᠦ᠋ᠨ ᠶᠦᠩ ᠬᠤᠷᠠᠯ ᠡᠷᠭᠢᠯᠡᠪᠡ᠃     ᠬᠤᠷᠠᠯ ᠳᠡᠭᠡᠷ᠎ᠡ᠂ ᠵᠢᠶᠠᠩ ᠵᠢᠶᠦ᠋ᠨ ᠶᠦᠩ ᠡᠮᠦᠨᠡᠬᠢ ᠬᠤᠭᠤᠴᠠᠭᠠᠨ ᠳᠤ ᠠᠶᠢᠯ ᠡᠷᠦᠬᠡ ᠳᠤ ᠬᠦᠷᠴᠦ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠳ᠋ᠦᠩᠨᠡᠨ ᠵᠠᠳᠠᠯᠵᠤ᠂ ᠵᠢᠯᠣᠭᠤᠳᠬᠤ ᠰᠠᠨᠠᠯ ᠳᠤᠷᠠᠳᠬᠤ ᠬᠡᠷᠡᠭᠲᠡᠶ᠃ ᠡᠭᠦᠨ ᠤ ᠬᠠᠮᠲᠤ ᠲᠠᠰᠢᠷᠠᠮ ᠢᠶᠠᠷ ᠨᠡᠷ᠎ᠡ ᠳᠤᠷᠠᠳᠴᠤ ᠠᠰᠠᠭᠤᠯᠲᠠ ᠳᠤᠷᠠᠳᠴᠤ᠂ ᠬᠠᠪᠰᠤᠷᠤᠨ ᠲᠡᠳᠬᠦᠬᠦ ᠺᠠᠳ᠋ᠷᠴᠤᠳ ᠤᠨ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠪᠠᠶᠢᠳᠠᠯ᠂ ᠰᠠᠭᠤᠷᠢ ᠮᠡᠳᠡᠭᠡ ᠵᠠᠩᠭᠢ ᠵᠢᠴᠢ ᠲᠠᠩᠰᠠ ᠡᠪᠬᠡᠮᠡᠯ ᠪᠠᠶᠢᠭᠤᠯᠤᠭᠰᠠᠨ ᠠᠴᠠ ᠨᠠᠰᠢᠬᠢ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠵᠡᠷᠭᠡ ᠲᠠᠯ᠎ᠠ ᠶᠢᠨ ᠪᠠᠶᠢᠳᠠᠯ ᠢ ᠡᠵᠡᠮᠰᠢᠭᠰᠡᠨ ᠬᠡᠮᠵᠢᠶ᠎ᠡ ᠶᠢ ᠰᠤᠭᠤᠴᠢᠨ ᠪᠠᠶᠢᠴᠠᠭᠠᠪᠠ᠃ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠠᠵᠢᠯᠲᠠᠳ ᠪᠠᠰᠠ ᠬᠤᠷᠠᠯ ᠳᠤ ᠣᠷᠣᠯᠴᠠᠭᠰᠠᠳ ᠲᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠮᠡᠳᠡᠪᠡᠯ ᠵᠣᠬᠢᠬᠤ ᠮᠡᠳᠡᠯᠭᠡ ᠶᠢᠨ ᠲᠣᠳᠣᠷᠬᠠᠶ ᠬᠠᠭᠤᠳᠠᠰᠤ︾ ᠶᠢ ᠲᠠᠷᠬᠠᠭᠠᠨ ᠥᠭᠴᠡᠶ᠃     ᠳᠠᠷᠠᠭ᠎ᠠ ᠠᠯᠬᠤᠮ ᠤᠨ ᠠᠵᠢᠯ ᠢᠶᠠᠨ ᠬᠡᠷᠬᠢᠨ ᠰᠠᠶᠢᠨ ᠬᠢᠵᠦ᠂ ᠵᠢᠶᠠᠩ ᠵᠢᠶᠦ᠋ᠨ ᠶᠦᠩ ᠭᠤᠷᠪᠠᠨ ᠱᠠᠭᠠᠷᠳᠠᠯᠭ᠎ᠠ ᠳᠤᠷᠠᠳᠪᠠ᠂ ᠨᠢᠭᠡ ᠳᠤ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢ ᠭᠤᠯᠬᠤ ᠬᠡᠷᠡᠭᠲᠡᠶ᠃ ᠲᠣᠰᠬᠤᠨ ᠤ ︽ᠭᠤᠷᠪᠠᠨ ᠵᠥᠪᠯᠡᠯ︾᠂ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ᠂ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠨᠢᠭᠡᠴᠡ ᠡᠷᠬᠡᠪᠰᠢ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠣᠰ ᠤᠳᠠᠭᠠᠨ ᠤ ᠪᠠᠶᠢᠴᠠᠭᠠᠯᠲᠠ ᠶᠢᠨ ᠡᠭᠦᠷᠭᠡ ᠳᠤ ᠬᠤᠯᠪᠣᠭᠳᠠᠭᠰᠠᠨ ᠠᠭᠤᠯᠭ᠎ᠠ ᠳᠤ ᠴᠢᠭᠯᠡᠭᠦᠯᠦᠨ ᠵᠦᠢᠯ ᠵᠤᠷᠪᠤᠰ ᠳᠠᠷᠠᠭᠠᠯᠠᠨ ᠡᠮᠬᠢᠯᠡᠨ ᠳᠢᠭᠯᠡᠵᠦ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠢ ᠳᠠᠬᠢᠨ ᠨᠠᠷᠢᠯᠢᠭᠵᠢᠭᠤᠯᠤᠨ᠎ᠠ᠃ ᠦᠨᠳᠦᠰᠦᠨ ᠡᠷᠦᠬᠡ ᠳᠠᠩᠰᠠ ᠡᠪᠬᠡᠮᠡᠯ ᠢ ᠲᠣᠰᠬᠤᠨ ᠤ ᠳᠠᠩᠰᠠ ᠡᠪᠬᠡᠮᠡᠯ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠳᠠᠩᠰᠠ ᠡᠪᠬᠡᠮᠡᠯ᠂ ᠪᠡᠯᠡ ᠮᠥᠩᠭᠦ ᠶᠢᠨ ᠲᠥᠷᠥᠯ ᠵᠦᠢᠯ ᠤᠨ ᠳᠠᠩᠰᠠ ᠡᠪᠬᠡᠮᠡᠯ᠂ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠦᠩᠭᠦᠶ ᠲᠣᠬᠢᠷᠠᠭᠤᠯᠤᠯᠲᠠ ᠵᠡᠷᠭᠡ ᠪᠣᠢ ᠪᠦᠬᠦᠢ ᠳᠠᠩᠰᠠ ᠡᠪᠬᠡᠮᠡᠯ ᠢ ᠳᠠᠬᠢᠨ ᠡᠮᠬᠢᠯᠡᠬᠦ ᠬᠡᠷᠡᠭᠲᠡᠶ᠃ ᠡᠳ᠋ ᠮᠠᠲ᠋ᠧᠷᠢᠶᠠᠯ ᠤᠨ ᠪᠦᠷᠢᠨ ᠬᠦᠢᠴᠡᠳ ᠪᠠᠶᠢᠬᠤ ᠶᠢ ᠦᠨᠡᠨᠬᠦ ᠪᠠᠲᠤᠯᠠᠨ᠎ᠠ᠃ ᠢᠯᠠᠩᠭᠤᠶ᠎ᠠ ᠡᠷᠦᠬᠡ ᠶᠢᠨ ᠳᠠᠩᠰᠠ ᠳᠣᠲᠣᠷᠠᠬᠢ ᠡᠯ᠎ᠡ ᠵᠦᠢᠯ ᠤᠨ ᠮᠡᠳᠡᠭᠡ ᠵᠠᠩᠭᠢ ᠵᠢᠴᠢ ᠬᠠᠨᠠᠨ ᠳᠤ ᠭᠠᠷᠬᠤ ᠢᠯᠡ ᠺᠠᠷᠲ ᠡᠷᠬᠡᠪᠰᠢ ᠴᠠᠭ ᠲᠤᠬᠠᠶ ᠳᠤᠨᠢ ᠰᠢᠨᠡᠳᠬᠡᠵᠦ᠂ ᠮᠡᠳᠡᠭᠡ ᠵᠠᠩᠭᠢ ᠨᠢ ᠣᠨᠣᠪᠴᠢᠲᠠᠶ ᠪᠠᠶᠢᠬᠤ ᠶᠢ ᠪᠡᠶᠡᠯᠡᠭᠦᠯᠵᠦ᠂ ᠪᠣᠳᠠᠲᠠᠶ ᠲᠠᠩᠰᠠ ᠨᠢ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠬᠤ ᠬᠡᠷᠡᠭᠲᠡᠶ᠃ ᠲᠤᠰ ᠲᠣᠰᠬᠤᠨ ᠤ ᠦᠨᠳᠦᠰᠦᠨ ᠪᠠᠶᠢᠳᠠᠯ ᠵᠢᠴᠢ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢ ᠬᠠᠪᠰᠤᠷᠤᠨ ᠲᠡᠳᠬᠦᠬᠦ ᠨᠠᠷᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ︽ᠮᠡᠳᠡᠯᠭᠡ ᠶᠢᠨ ᠭᠠᠷ ᠳᠡᠪᠲᠡᠷ︾᠂ ︽ᠮᠡᠳᠡᠯᠭᠡ ᠶᠢᠨ ᠨᠠᠷᠢᠨ ᠳᠠᠩᠰᠠ︾ ᠶᠢ ᠬᠢᠨᠠᠮᠠᠭᠠᠶ ᠰᠤᠷᠤᠯᠴᠠᠵᠤ᠂ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠷᠢᠬᠢ ᠲᠣᠯᠣᠭᠠᠶ ᠳᠠᠭᠠᠨ ᠬᠠᠳᠠᠩᠰᠢᠭᠤᠯᠤᠨ᠂ ᠰᠡᠳᠬᠢᠯ ᠳᠡᠭᠡᠨ ᠬᠠᠳᠠᠩᠰᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠡᠴᠦᠰ ᠤᠨ ᠪᠠᠶᠢᠯᠳᠤᠭᠠᠨ ᠳᠤ ᠪᠦᠬᠦ ᠬᠦᠴᠦ ᠪᠠᠷ ᠢᠶᠠᠨ ᠰᠢᠪᠲᠤᠯᠤᠯᠲᠠ ᠬᠢᠪᠡ᠃ ᠳᠥᠷᠪᠡ ᠳᠤ᠂ ᠠᠵᠢᠯᠯᠠᠭ᠎ᠠ ᠬᠡᠳᠦᠶ ᠲᠦᠷᠭᠡᠨ ᠪᠣᠯᠤᠭᠰᠠᠨ ᠴᠤ ᠵᠠᠰᠠᠭ ᠤᠨ ᠣᠷᠳᠣᠨ ᠤ ᠪᠦᠬᠦ ᠺᠠᠳ᠋ᠷᠴᠤᠳ ᠲᠣᠰᠬᠤᠨ ᠢᠶᠠᠷ ᠨᠢᠭᠡᠴᠢ ᠪᠣᠯᠭᠠᠨ᠂ ᠠᠵᠢᠯ ᠤᠨ ᠡᠭᠦᠷᠭᠡ ᠲᠣᠬᠢᠷᠠᠭᠤᠯᠵᠤ᠂ ᠪᠤᠢ ᠪᠦᠬᠦᠢ ᠡᠷᠦᠬᠡ ᠠᠮᠠ ᠶᠢᠨ ᠳᠠᠩᠰᠠ ᠡᠪᠬᠡᠮᠡᠯ ᠢ ᠪᠦᠬᠦ ᠲᠠᠯ᠎ᠠ ᠪᠠᠷ ᠣᠶᠢᠯᠭᠠᠨ ᠵᠢᠭᠰᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号