ᠳ᠋ᠠ ᠾᠧ ᠸᠠᠨ ᠪᠠᠯᠭᠠᠰᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/11
    ᠣᠶᠢᠷ᠎ᠠ ᠳᠤ᠂ ᠳ᠋ᠠ ᠾᠧ ᠸᠠᠨ ᠪᠠᠯᠭᠠᠰᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠭᠤᠣᠯᠳᠠᠭᠤ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠶᠤᠯᠭᠦᠶ ᠶᠢᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠰᠠᠭᠤᠭᠠᠯᠢ ᠠᠷᠠᠳ ᠤᠨ ᠱᠦᠵᠢ ᠪᠣᠯᠤᠨ ᠡᠷᠬᠢᠯᠡᠭᠴᠢ ᠬᠤᠷᠠᠯ ᠳᠤ ᠣᠷᠣᠯᠴᠠᠵᠠᠶ᠃ ᠬᠤᠷᠠᠯ ᠢ ᠳ᠋ᠠ ᠾᠧ ᠸᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠡᠷᠬᠢᠯᠡᠪᠡ᠃     ᠬᠤᠷᠠᠯ ᠳᠡᠭᠡᠷ᠎ᠡ᠂ ᠡᠯ᠎ᠡ ᠲᠣᠰᠬᠤᠨ ᠤ ᠱᠦᠵᠢ ᠲᠣᠰ ᠲᠣᠰᠬᠤᠨ ᠤ ᠪᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠬᠠᠷᠢᠭᠤ ᠮᠡᠳᠡᠭᠦᠯᠦᠯᠲᠡ ᠬᠢᠪᠠ᠃ ᠯᠢᠦ ᠬᠤᠩ ᠪᠢᠨ ᠱᠦᠵᠢ ᠵᠢᠶᠠ ᠠᠨ ᠤ ᠵᠥᠪᠯᠡᠯ ᠤᠨ ᠠᠯᠪᠠᠨ ᠦᠰᠦᠭ ﹇202﹈ 59 ᠳ᠋ᠦᠭᠡᠷ ᠲᠣᠭᠠᠲᠤ ︽ᠣᠳᠣᠬᠠᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠢ ᠤᠯᠠᠮᠵᠢᠯᠠᠵᠠᠶ᠃ ᠳᠠᠷᠠᠭ᠎ᠠ ᠠᠯᠬᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠨᠢᠭᠡ ᠳᠤ᠂ ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠶᠢᠨ ᠴᠠᠭ᠂ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ᠂ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠲᠠᠷᠢᠶᠠᠯᠠᠩ ᠳᠤ ᠬᠡᠷᠡᠭᠯᠡᠬᠦ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠬᠠᠳᠬᠠᠨ᠎ᠠ᠃ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠠᠵᠢᠯᠲᠠᠨ ᠤ ᠲᠤᠭ᠎ᠠ ᠬᠡᠲᠦᠷᠡᠭᠦᠯᠬᠦ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠤᠶᠠᠷ ᠲᠤ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠪᠦᠬᠦ ᠪᠠᠯᠭᠠᠰᠤᠨ ᠤ ᠲᠣᠰᠣ ᠨᠡᠮᠡᠬᠦ ᠥᠷᠲᠡᠭᠡ ᠳᠤ ᠴᠢᠭᠯᠡᠭᠦᠯᠦᠨ ᠨᠢᠭᠡ ᠤᠳᠠᠭᠠᠨ ᠤ ᠲᠣᠤᠷ ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠠᠶᠤᠯ ᠦᠭᠡᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠬᠡᠷᠡᠭᠲᠡᠶ᠃ ᠠᠯᠢᠪᠠ ᠳᠠᠯᠳᠠ ᠭᠡᠮ ᠢ ᠠᠷᠢᠯᠭᠠᠬᠤ ᠬᠡᠷᠡᠭᠲᠡᠶ᠃ ᠭᠤᠷᠪᠠ ᠳᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号