ᠰᠢᠩ ᠬᠤᠸᠠ ᠵᠡᠭᠡᠯᠢ ᠭᠤᠳᠤᠮᠵᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠬᠦᠷᠴᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/11/12
    ᠨᠡᠶᠢᠭᠡᠮ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠵᠢᠷᠤᠮᠵᠢ ᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠨᠠᠩ ᠰᠠᠶᠢᠲᠤᠷ ᠬᠡᠷᠡᠭᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ ᠲᠦᠷᠦᠭᠦᠬᠡᠨ ᠰᠢᠩ ᠬᠤᠸᠠ ᠵᠡᠭᠡᠯᠢ ᠭᠤᠳᠤᠮᠵᠢ ᠶᠢᠨ ᠰᠢᠤ ᠱᠦᠶ ᠨᠡᠶᠢᠭᠡᠮ ᠲᠣᠭᠤᠷᠢᠭ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠬᠦᠷᠴᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠬᠥᠮᠦᠰ ᠤᠨ ᠮᠡᠳᠡᠭᠡ ᠵᠠᠩᠭᠢ ᠶᠢ ᠡᠷᠦᠬᠡ ᠳᠤ ᠣᠷᠣᠵᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃     ᠨᠡᠶᠢᠭᠡᠮ ᠲᠣᠭᠤᠷᠢᠭ ᠤᠨ ᠠᠵᠢᠯᠲᠠᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ  ᠪᠠᠶᠢᠭ᠎ᠠ ᠬᠥᠮᠦᠰ ᠤᠨ ᠭᠡᠷ ᠲᠤ ᠣᠷᠣᠵᠤ᠂ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠤᠨ ᠠᠮᠢᠳᠤᠷᠠᠯ ᠤᠨ ᠣᠳᠣᠬᠢ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠭᠡᠷ ᠪᠦᠯᠢ ᠶᠢᠨ ᠪᠦᠷᠢᠯᠳᠦᠬᠦᠨ ᠤ  ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂ ᠣᠷᠣᠯᠭ᠎ᠠ ᠶᠢᠨ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠨᠢᠭᠡᠳ ᠨᠢᠭᠡ ᠪᠠᠷ ᠬᠠᠷᠭᠤᠭᠤᠯᠤᠨ ᠦᠵᠡᠬᠦ ᠬᠡᠷᠡᠭᠲᠡᠶ᠃ ᠡᠭᠦᠨ ᠤ ᠬᠠᠮᠲᠤ᠂ ᠠᠵᠢᠯᠲᠠᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ ᠎ᠠ ᠵᠢᠴᠢ ᠪᠤᠰᠤᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠲᠡᠭᠦᠨ ᠢ ᠢᠲᠡᠭᠡᠯ ᠲᠠᠢ ᠪᠠᠷ ᠠᠮᠢᠲᠣᠷᠠᠬᠤ ᠶᠢ ᠵᠤᠷᠢᠭᠵᠢᠭᠤᠯᠵᠠᠢ᠃     ᠡᠨᠡ ᠤᠳᠠᠭᠠᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠬᠦᠷᠴᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠥᠪ ᠭᠤᠤᠯᠴᠢ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ ᠪᠠᠲᠤᠯᠠᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号