ᠰᠢᠩ ᠬᠤᠸᠠ ᠵᠡᠭᠡᠯᠢ ᠭᠤᠳᠤᠮᠵᠢ ᠣᠯᠠᠨ ᠠᠷᠭ᠎ᠠ ᠬᠡᠮᠵᠢᠶ᠎ᠡ ᠠᠪᠴᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/11/12
    ᠰᠢᠩ ᠬᠤᠸᠠ ᠵᠡᠭᠡᠯᠢ ᠭᠤᠳᠤᠮᠵᠢ ᠶᠢᠨ ᠲᠡᠮᠦᠷ ᠵᠠᠮ ᠤᠨ ᠨᠡᠶᠢᠭᠡᠮ ᠲᠣᠭᠤᠷᠢᠭ ᠴᠠᠭ ᠤᠨ ᠵᠠᠩᠭᠢᠶᠠᠰᠤ ᠶᠢ ᠴᠢᠩᠭ᠎ᠠ ᠠᠳᠬᠤᠵᠤ ᠱᠠᠲᠤ ᠦᠶ᠎ᠡ ᠶᠢᠨ ᠡᠭᠦᠷᠭᠡ ᠶᠢ ᠪᠠᠲᠤ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠬᠦᠯᠪᠡ᠃     ᠨᠢᠭᠡ ᠳᠤ ᠬᠠᠷᠢᠶ᠎ᠠ ᠣᠷᠣᠨ ᠤ ᠣᠯᠠᠨ ᠲᠦᠮᠡᠨ ᠳᠤ ᠨᠡᠶᠢᠳᠡᠮ ᠪᠠᠶᠢᠴᠠᠭᠠᠯᠲᠠ ᠶᠢ ᠣᠶᠢᠯᠠᠭᠠᠭᠤᠯᠵᠤ᠂ ᠨᠡᠶᠢᠳᠡᠮ ᠪᠠᠶᠢᠴᠠᠭᠠᠯᠲᠠ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠤᠨ᠎ᠠ᠃ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠯᠠᠨ ᠠᠷᠭ᠎ᠠ ᠵᠠᠮ᠂ ᠪᠦᠬᠦ ᠲᠠᠯ᠎ᠠ ᠪᠠᠷ ᠥᠷᠭᠡᠨ ᠳᠡᠯᠭᠡᠷ ᠤᠬᠠᠭᠤᠯᠤᠨ᠎ᠠ᠃ ᠤᠬᠠᠭᠤᠯᠭ᠎ᠠ ᠶᠢᠨ ᠤᠷᠢᠶ᠎ᠠ᠂ ᠵᠠᠷᠯᠠᠯ ᠨᠠᠭᠠᠵᠤ᠂ ᠡᠷᠦᠬᠡ ᠳᠤ ᠣᠷᠣᠵᠤ ᠨᠡᠶᠢᠳᠡᠮ ᠪᠠᠶᠢᠴᠠᠭᠠᠯᠲᠠ ᠶᠢᠨ ᠮᠡᠳᠡᠭᠳᠡᠬᠦ ᠪᠢᠴᠢᠭ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠨᠡᠶᠢᠳᠡᠮ ᠪᠠᠶᠢᠴᠠᠭᠠᠯᠲᠠ ᠶᠢᠨ ᠠᠴᠢ ᠬᠤᠯᠪᠣᠭᠳᠠᠯ᠂ ᠲᠥᠷᠥ ᠶᠢᠨ ᠪᠣᠳᠣᠯᠭ᠎ᠠ ᠪᠣᠯᠤᠨ ᠴᠢᠬᠤᠯᠠ ᠴᠢᠨᠠᠷ ᠤᠬᠠᠭᠤᠯᠣᠨ᠎ᠠ᠃ ᠨᠡᠶᠢᠳᠡᠮ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠮᠠᠶ᠋ᠢᠭ ᠢ ᠠᠰᠢᠭᠯᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠬᠦᠷᠭᠡᠨ᠎ᠡ᠃     ᠬᠤᠶᠠᠷ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ ᠱᠠᠭᠠᠷᠳᠠᠭᠰᠠᠨ ᠨᠢ᠂ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠦᠷᠢᠳᠬᠡᠭᠴᠢ ᠲᠠᠨᠢᠯᠲᠠ ᠪᠠᠨ ᠳᠡᠭᠡᠭᠰᠢᠯᠡᠭᠦᠯᠵᠦ᠂ ᠡᠨᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠬᠥᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠣᠷᠣᠨ ᠰᠠᠭᠤᠴᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠬᠠᠷᠢᠶ᠎ᠠ ᠣᠷᠣᠨ ᠤ ᠬᠥᠮᠦᠨ ᠠᠮᠠ ᠶᠢᠨ ᠣᠳᠣᠬᠢ ᠪᠠᠶᠢᠳᠠᠯ ᠪᠠ ᠬᠥᠭᠵᠢᠯᠲᠡ ᠬᠤᠪᠢᠷᠠᠯᠲᠠ ᠶᠢ ᠪᠤᠰᠤᠳᠴᠢ ᠪᠠᠷ ᠲᠤᠰᠬᠠᠵᠤ᠂ ᠦᠨᠡᠨ ᠬᠦ ᠡᠷᠦᠬᠡ ᠳᠤ ᠣᠷᠣᠵᠤ᠂ ᠦᠨᠡᠨ ᠬᠦ ᠪᠠᠶᠢᠴᠠᠭᠠᠵᠤ᠂ ᠬᠦᠴᠦ ᠣᠷᠣᠭᠤᠯᠵᠤ ᠪᠠᠶᠢᠭᠠᠳ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠲᠤᠭ᠎ᠠ ᠪᠠᠷᠢᠮᠲᠠ ᠶᠢᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠲᠠᠰᠤ ᠵᠣᠭᠰᠣᠭᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠦᠨᠡᠨᠬᠦ ᠭᠦᠢᠴᠡᠳᠬᠡᠵᠦ᠂ ᠪᠦᠬᠦ ᠶᠠᠪᠤᠴᠠ ᠪᠠᠷ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠠᠳᠠᠷᠠᠭᠤᠯᠬᠤ ᠶᠢ ᠴᠢᠩᠭ᠎ᠠ ᠰᠡᠷᠭᠡᠶᠢᠯᠡᠨ᠎ᠡ᠃     ᠭᠤᠷᠪᠠ ᠳᠤ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠭᠴᠢ ᠠᠵᠢᠯ ᠤᠨ ᠨᠠᠷᠢᠨ ᠵᠦᠢᠯᠡᠰ ᠢ ᠴᠢᠬᠤᠯᠠᠴᠢᠯᠠᠵᠤ᠂ ᠠᠷᠭ᠎ᠠ ᠮᠠᠶ᠋ᠢᠭ ᠢ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠭᠴᠢ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠳᠤ ᠣᠯᠵᠤ ᠮᠡᠳᠡᠭᠰᠡᠨ ᠬᠥᠮᠦᠨ ᠦᠭᠡᠶ᠂ ᠨᠢᠭᠡ ᠡᠷᠦᠬᠡ ᠣᠯᠠᠨ ᠭᠡᠷ ᠵᠡᠷᠭᠡ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ ᠴᠠᠭ ᠲᠤᠬᠠᠶ ᠳᠤᠨᠢ ᠬᠠᠷᠢᠭᠤ ᠲᠤᠰᠬᠠᠪᠠ᠃ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠲᠠᠢ ᠨᠡᠪᠲᠡᠷᠡᠯᠴᠡᠭᠰᠡᠨ ᠪᠥᠭᠡᠳ ᠰᠢᠢᠳᠪᠦᠷᠢᠯᠡᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠦᠨᠡᠨ ᠪᠣᠳᠠᠲᠠᠶ ᠣᠨᠣᠪᠴᠢᠲᠠᠶ ᠪᠦᠷᠢᠨ ᠬᠦᠢᠴᠡᠳ ᠪᠠᠶᠢᠬᠤ ᠪᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号