ᠸᠧ ᠨᠢᠤ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/11/12
    11 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠸᠤ᠋ ᠨᠢᠤ ᠾᠧ ᠪᠠᠯᠭᠠᠰᠤ ᠪᠥᠬᠦ ᠪᠠᠯᠭᠠᠰᠤᠨ ᠤ 14 ᠲᠣᠰᠬᠤᠨ ︵ᠨᠡᠶᠢᠭᠡᠮ ᠲᠣᠭᠤᠷᠢᠭ︶ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠵᠢᠴᠢ ᠬᠠᠪᠰᠤᠷᠤᠨ ᠲᠡᠳᠬᠦᠬᠦ ᠨᠢᠭᠡᠴᠡ ᠨᠢ ᠬᠠᠷᠢᠶ᠎ᠠ ᠲᠣᠰᠬᠤᠨ ᠤ ᠵᠠᠬᠢᠷᠭ᠎ᠠ ᠳᠤ ᠬᠤᠷᠠᠯ ᠳᠤ ᠣᠷᠤᠯᠴᠠᠪᠠ᠃     ᠪᠣᠯᠪᠠᠰᠤᠷᠠᠯ ᠤᠨ ᠬᠤᠷᠠᠯ ᠨᠢ ᠭᠤᠣᠯᠳᠠᠭᠤ ᠪᠣᠯᠪᠠᠰᠤᠷᠠᠯ ᠢᠶᠠᠷ ᠳᠠᠮᠵᠢᠭᠤᠯᠬᠤ ᠨᠢᠭᠲᠠᠴᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠲᠠᠢ ᠲᠤᠤᠱᠯᠠᠭᠤᠯᠬᠤ ᠶᠢ ᠪᠠᠲᠤᠯᠠᠨ᠎ᠠ᠃ ᠡᠯ᠎ᠡ ᠲᠣᠰᠬᠤᠨ ᠵᠢᠴᠢ ᠡᠯ᠎ᠡ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠺᠠᠳ᠋ᠷ ᠢ ᠱᠠᠭᠠᠷᠳᠠᠵᠤ᠂ ᠰᠢᠢᠳᠪᠦᠷᠢᠳᠦ ᠪᠠᠶᠢᠯᠳᠤᠭᠠᠨ ᠬᠢᠵᠦ ᠳᠠᠭᠤᠰᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠪᠣᠭᠤᠮᠲᠠ ᠰᠢᠪᠲᠤᠯᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠲᠠᠭᠤ ᠶᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠵᠦ᠂ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠣᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠲᠤᠯᠠᠵᠤ᠂ ᠶᠡᠷᠦᠩᠬᠡᠢ ᠳᠠᠩᠰᠠ ᠶᠢ ᠪᠦᠬᠦ ᠲᠠᠯ᠎ᠠ ᠪᠠᠷ ᠰᠠᠶᠢᠲᠤᠷ ᠲᠤᠰᠢᠶᠠᠨ᠎ᠠ᠃     ᠪᠣᠯᠪᠠᠰᠤᠷᠠᠯ ᠤᠨ ᠬᠤᠷᠠᠯ ᠳᠤ ᠪᠠᠰᠠ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ᠂ ᠶᠠᠳᠠᠭᠤ ᠶᠢ ᠲᠡᠳᠬᠦᠬᠦ ᠪᠠᠯᠠ ᠮᠥᠩᠭᠦ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠳᠥᠷᠪᠡᠨ ᠶᠡᠭᠡ ᠠᠰᠠᠭᠤᠳᠠᠯ ᠤᠨ ᠲᠤᠬᠠᠶ ᠭᠦᠨᠵᠡᠭᠡᠶ᠂ ᠨᠠᠷᠢᠨ ᠨᠢᠮᠪᠠᠶ ᠪᠥᠬᠦ ᠲᠠᠯ᠎ᠠ ᠶᠢᠨ ᠲᠠᠶᠢᠯᠪᠤᠷᠢᠯᠠᠯᠲᠠ ᠬᠢᠵᠡᠶ᠃ ᠡᠯ᠎ᠡ ᠲᠣᠰᠬᠤᠨ ᠤ ᠬᠠᠪᠰᠤᠷᠤᠨ ᠲᠡᠳᠬᠦᠬᠦ ᠺᠠᠳ᠋ᠷ ᠵᠢᠴᠢ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠪᠦᠷᠢᠯᠳᠦᠬᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠣᠯᠪᠠᠰᠤᠷᠠᠯ ᠳᠤ ᠣᠷᠣᠯᠴᠠᠬᠤ ᠪᠠ ᠥᠪᠡᠷ ᠢᠶᠠᠷ ᠰᠤᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠨ᠂ ᠣᠯᠠᠨ ᠲᠦᠮᠡᠨ ᠤ ᠮᠡᠳᠡᠷᠡᠬᠦ ᠬᠡᠮᠵᠢᠶ᠎ᠡ ᠵᠢᠴᠢ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃     ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠠᠭ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠱᠠᠲᠤᠨ ᠳᠤ ᠣᠷᠣᠰᠢᠵᠤ᠂ ᠸᠤ᠋ ᠨᠢᠤ ᠾᠧ ᠪᠠᠯᠭᠠᠰᠤᠨ ᠤ ᠪᠦᠬᠦ ᠬᠠᠪᠰᠤᠷᠤᠨ ᠲᠡᠳᠬᠦᠬᠦ ᠺᠠᠳ᠋ᠷ ᠤᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠠᠵᠢᠯᠯᠠᠭ᠎ᠠ ᠳᠡᠭᠡᠷ᠎ᠡ ᠪᠠᠨ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠦᠨᠡᠨᠬᠦ ᠲᠤᠤᠱᠯᠠᠭᠤᠯᠤᠨ ᠨᠠᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号