ᠵᠥᠩ ᠾᠧ ᠪᠠᠯᠭᠠᠰᠤ᠄ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2020/11/12
    ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠰᠢᠶᠠᠩ ᠪᠠᠯᠭᠠᠰᠤᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠦ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠥᠯᠦᠬᠡ 11 ᠰᠠᠷ᠎ᠠ ᠶᠢᠨ 9 ᠤ ᠡᠳᠦᠷ᠂ ᠵᠥᠩ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠠᠵᠢᠯᠯᠠᠭᠠᠨ ᠤ ᠬᠤᠭᠤᠴᠠᠭᠠᠨ ᠳᠤ᠂ ᠠᠵᠢᠯᠲᠠᠳ ᠬᠠᠷᠢᠶ᠎ᠠ ᠣᠷᠣᠨ ᠤ ᠪᠠᠨ ᠴᠢᠬᠤᠯᠠ ᠭᠠᠵᠠᠷ ᠲᠤ ᠬᠥᠨᠳᠡᠯᠡᠨ ᠪᠢᠴᠢᠭᠡᠰᠦ ᠡᠯᠭᠦᠵᠦ᠂ ᠴᠤᠭᠯᠠᠭᠠᠨ ᠤ ᠡᠳᠦᠷ ᠢ ᠠᠰᠢᠭᠯᠠ ᠣᠯᠠᠨ ᠲᠦᠮᠡᠨ ᠳᠤ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠭᠡᠷ ᠪᠦᠯᠢ ᠶᠢᠨ ᠲᠣᠰᠣᠨ ᠤ ᠲᠣᠭᠤᠭ᠎ᠠ ᠭᠠᠯ ᠭᠠᠷᠬᠤ᠂ ᠭᠡᠷ ᠤᠨ ᠴᠠᠬᠢᠯᠭᠠᠨ ᠬᠡᠷᠡᠭᠰᠡᠯ ᠭᠠᠯ ᠭᠠᠷᠬᠤ᠂ ᠰᠢᠩᠭᠡᠨᠵᠢᠮᠡᠯ ᠬᠡᠢ ᠯᠡᠪᠡᠷᠡᠭᠰᠡᠨ ᠭᠠᠯ ᠭᠠᠷᠤᠭᠰᠠᠨ ᠵᠡᠷᠭᠡ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠠᠨᠢᠯᠴᠠᠭᠤᠯᠵᠠᠶ᠃ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠡᠳᠦᠷ ᠲᠤᠲᠤᠮ ᠤᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ᠂ ᠭᠠᠯ ᠲᠦᠢᠮᠡᠷ ᠤᠨ ᠮᠡᠳᠡᠭᠡ ᠶᠢ ᠬᠡᠷᠬᠢᠨ ᠵᠥᠪ ᠮᠡᠳᠡᠭᠦᠯᠬᠦ᠂ ᠭᠠᠯ ᠤᠨ ᠠᠶᠤᠯ ᠤᠨ ᠪᠠᠶᠢᠳᠠᠯ ᠳᠣᠤᠷ᠎ᠠ ᠠᠩᠬ᠎ᠠ ᠡᠭᠦᠰᠦᠭᠰᠡᠨ ᠭᠠᠯ ᠤᠨ ᠠᠶᠤᠯ ᠢ ᠬᠡᠷᠬᠢᠨ ᠵᠥᠪ ᠠᠪᠤᠷᠠᠬᠤ ᠵᠢᠴᠢ ᠲᠠᠷᠬᠠᠭᠠᠨ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠪᠠ᠃ ᠣᠯᠠᠨ ᠲᠦᠮᠡᠨ ᠢ ᠳᠠᠶᠢᠴᠢᠯᠠᠨ ᠭᠠᠯ ᠤᠨᠲᠠᠷᠠᠭᠠᠬᠤ ᠶᠢ ᠠᠩᠬᠠᠷᠴᠤ᠂ ᠭᠠᠯ ᠤᠨᠲᠠᠷᠠᠭᠠᠬᠤ ᠳᠤ ᠣᠷᠣᠯᠴᠠᠵᠠᠶ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 400 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠮᠢᠩᠭ᠎ᠠ ᠰᠢᠬᠠᠮ ᠬᠥᠮᠦᠨ ᠢ ᠨᠥᠯᠥᠭᠡᠯᠡᠭᠰᠡᠨ ᠪᠠᠶᠢᠨ᠎ᠠ᠃    ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠥᠷᠭᠡᠳᠬᠡᠵᠦ᠂ ᠥᠷᠭᠡᠨ ᠣᠯᠠᠨ ᠠᠷᠠᠳ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠤᠬᠠᠭᠤᠯᠭ᠎ᠠ ᠶᠢᠨ ᠦᠷ᠎ᠡ ᠪᠦᠲᠦᠮᠵᠢ ᠣᠯᠵᠠᠶ᠃ ᠵᠦᠩ ᠾᠧ ᠪᠠᠯᠭᠠᠰᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠠᠷᠢᠯᠭᠠᠬᠤ ᠳᠤ ᠠᠰᠢᠭᠲᠠᠶ ᠪᠠᠲᠤᠯᠠᠭ᠎ᠠ ᠬᠠᠩᠭᠠᠵᠠᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号