ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2020/11/13
    2020 ᠣᠨ ᠤ 11 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠲᠢᠶᠠᠨᠵᠢᠨ ᠬᠤᠲᠠ᠂ ᠱᠠᠩᠬᠠᠶ ᠬᠤᠲᠠ ᠵᠠᠯᠭᠠᠭᠠᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠰ ᠭᠠᠵᠠᠷ ᠤᠨ ᠡᠪᠡᠳᠴᠢᠲᠡᠨ ᠤ ᠵᠢᠱᠢᠶ᠎ᠡ᠂ ᠲᠢᠶᠠᠨᠵᠢᠨ ᠬᠤᠲᠠ ᠶᠢᠨ ᠪᠢᠨ ᠬᠠᠶ ᠰᠢᠨ᠎ᠡ ᠲᠣᠭᠤᠷᠢᠭ ᠤᠨ ᠬᠠᠨ ᠬᠥ᠋ ᠵᠡᠭᠡᠯᠢ᠂ ᠳᠤᠮᠳᠠᠳᠤ ᠰᠢᠨ᠎ᠡ ᠵᠢᠭᠠᠰᠤᠨ ᠭᠠᠷᠠᠮ ᠤᠨ ᠬᠦᠢᠲᠡᠨ ᠬᠡᠯᠬᠢᠶᠡᠲᠦ ᠪᠠᠷᠠᠭᠠᠨ ᠤ  ᠬᠦᠢᠯᠬᠡᠬᠡᠨ ᠤ ᠲᠣᠭᠤᠷᠢᠭ ᠤᠨ A ᠲᠣᠭᠤᠷᠢᠭ ᠪᠣᠯᠤᠨ B ᠲᠣᠭᠤᠷᠢᠭ ᠢ ᠮᠡᠳᠡᠭᠦᠯᠵᠦ᠂ ᠱᠠᠩᠬᠠᠶ ᠬᠤᠲᠠ ᠶᠢᠨ ᠫᠦᠳᠦ᠋ᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤ ᠨᠢᠭᠡᠨᠲᠡ ᠳᠤᠮᠳᠠ ᠲᠦᠭᠰᠢᠭᠦᠷᠢ ᠲᠠᠢ ᠭᠠᠵᠠᠷ ᠣᠷᠣᠨ ᠪᠣᠯᠵᠠᠶ᠃ 11 ᠰᠠᠷ᠎ᠠ ᠶᠢᠨ 10 ᠤ ᠡᠳᠦᠷ᠂ ᠠᠨᠾᠦ᠋ᠢ ᠮᠤᠵᠢ ᠶᠢᠨ ᠹᠦᠶᠠᠩ ᠬᠤᠲᠠ ᠶᠢᠨ ᠶᠢᠩ ᠱᠠᠩ ᠰᠢᠶᠠᠨ ᠱᠠᠩᠬᠠᠶ ᠬᠤᠲᠠ ᠳᠤ ᠬᠤᠯᠪᠣᠭᠳᠠᠭᠰᠠᠨ ᠡᠪᠡᠳᠴᠢᠨ ᠤ ᠵᠢᠱᠢᠶ᠎ᠡ ᠶᠢ ᠣᠨᠣᠰᠢᠯᠠᠪᠠ᠃ ᠣᠳᠣᠬᠠᠨ ᠳᠤ ᠣᠯᠠᠨ ᠤᠯᠤᠰ ᠠᠴᠠ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠭᠰᠠᠨ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠭ᠎ᠠ ᠪᠣᠳᠠᠲᠤ ᠪᠠᠶᠢᠳᠠᠯ ︽ᠭᠠᠳᠠᠭᠠᠳᠤ ᠠᠴᠠ ᠣᠷᠤᠬᠤ ᠶᠢ ᠰᠡᠷᠬᠡᠶᠢᠯᠡᠵᠦ᠂ ᠳᠣᠲᠣᠭᠠᠳᠤ ᠳᠠᠬᠢᠨ ᠰᠡᠷᠭᠦᠬᠦ ᠢ ᠰᠡᠷᠬᠡᠶᠢᠯᠡᠬᠦ︾ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠤᠮᠵᠢ ᠳᠤᠷᠠᠳᠤᠶ᠎ᠠ᠄     ᠨᠢᠭᠡ᠂ 10 ᠳ᠋ᠤᠭᠠᠷ ᠰᠠᠷ᠎ᠠ ᠶᠢᠨ 25 ᠤ ᠡᠳᠦᠷ ᠠᠴᠠ ᠨᠠᠰᠢ᠂ ᠳᠡᠭᠡᠷ᠎ᠡ ᠳᠤᠷᠠᠳᠤᠭᠰᠠᠨ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠭᠠᠴᠠᠭ᠎ᠠ ᠲᠣᠰᠬᠤᠨ᠂ ᠲᠣᠮᠢᠯᠠᠭᠰᠠᠨ ᠰᠠᠯᠪᠤᠷᠢ ᠳᠤ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠬᠥᠮᠦᠨ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠢᠶᠠᠷ ᠨᠡᠪᠲᠡᠷᠡᠬᠦ ᠺᠣᠳ᠋ ᠢᠶᠠᠨ ᠭᠠᠷᠭᠠᠵᠤ ᠦᠵᠡᠬᠦᠯᠵᠦ᠂ ᠪᠡᠶ᠎ᠡ ᠶᠢᠨ ᠳᠤᠯᠠᠭᠠᠨ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠵᠦ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠭᠠᠷᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠦᠬᠦᠢ ᠵᠠᠷᠤᠳᠠᠯ ᠢ ᠥᠪᠡᠷ ᠢᠶᠠᠷ ᠰᠢᠢᠳᠪᠦᠷᠢᠯᠡᠨ᠎ᠡ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠵᠤ ᠮᠡᠳᠡᠪᠡᠯ᠂ ᠳᠠᠷᠤᠶ ᠲᠦᠷᠭᠡᠨ ᠱᠠᠭᠠᠷᠳᠠᠯᠭ᠎ᠠ ᠶᠣᠰᠣᠭᠠᠷ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠨ ᠡᠮᠨᠡᠨ ᠵᠠᠰᠠᠭᠤᠯᠵᠤ᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠬᠢᠵᠠᠭᠠᠷᠯᠠᠬᠤ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃     ᠬᠤᠶᠠᠷ᠂ 10 ᠰᠠᠷ᠎ᠠ ᠶᠢᠨ 25 ᠤ ᠡᠳᠦᠷ ᠠᠴᠠ ᠰᠡᠭᠦᠯᠡᠷ ᠳᠡᠭᠡᠷ᠎ᠡ ᠳᠤᠷᠠᠳᠤᠭᠰᠠᠨ ᠠᠶᠤᠯ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠬᠠᠷᠢᠯᠴᠠᠵᠤ ᠥᠩᠭᠡᠷᠡᠭᠰᠡᠨ ᠬᠥᠯᠥᠨ ᠪᠤᠶᠢᠷ ᠬᠤᠲᠠ ᠳᠤ ᠪᠠᠶᠢᠭ᠎ᠠ ᠬᠥᠮᠦᠰ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠲᠣᠮᠢᠯᠠᠭᠰᠠᠨ ᠰᠠᠯᠪᠤᠷᠢ ᠳᠤ ᠳᠠᠩᠰᠠᠯᠠᠭᠤᠯᠤᠨ ᠮᠡᠳᠡᠬᠦᠯᠦᠨ᠎ᠡ᠂ ᠵᠢᠱᠢᠶᠡᠯᠡᠪᠡᠯ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠢᠯᠡᠷᠡᠪᠡᠯ᠂ ᠨᠢᠭᠡ ᠯᠡ ᠤᠳᠠᠭ᠎ᠠ ᠶᠢᠨ ᠴᠢᠨᠠᠷᠲᠠᠶ ᠡᠮᠨᠡᠯᠭᠡ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠨ᠂ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠪᠡ ᠬᠦᠨᠳᠦ ᠨᠣᠴᠢᠲᠠᠶ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃     ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ ᠦᠶ᠎ᠡ ᠳᠤ︶᠂ ᠦᠷᠭᠦᠯᠵᠢ ᠭᠠᠷ ᠢᠶᠠᠨ ᠤᠬᠢᠶᠠᠵᠤ᠂ ᠦᠷᠭᠦᠯᠵᠢ ᠰᠠᠯᠬᠢ ᠨᠡᠪᠳᠡᠷᠡᠬᠦᠯᠦᠨ᠎ᠡ᠃ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠶᠢ ᠠᠩᠬᠠᠷᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃
 
           ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ
   
ᠦᠷᠪᠢᠰᠦᠯ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
 
                        2020 ᠣᠨ ᠤ 11 ᠰᠠᠷ᠎ᠠ ᠶᠢᠨ 10 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号