ᠾᠧ ᠰᠢ ᠵᠡᠭᠡᠯᠢ ᠭᠤᠳᠤᠮᠵᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠳᠡᠩᠰᠡᠯᠡᠯᠲᠡ ᠶᠢᠨ ᠠᠵᠢᠯ ᠢ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2020/11/13
    ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢᠭᠡᠨᠲᠡ ᠵᠢᠩᠬᠢᠨᠢ ᠳᠠᠩᠰᠠᠯᠠᠬᠤ ᠱᠠᠲᠤᠨ ᠳᠤ ᠣᠷᠣᠵᠤ᠂ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠲᠤᠭ᠎ᠠ ᠶᠣᠰᠣᠭᠠᠷ ᠪᠡᠶᠡᠯᠡᠭᠦᠯᠬᠦ ᠶᠢᠨ ᠲᠥᠯᠥᠭᠡ᠂ ᠲᠦᠷᠦᠭᠦᠬᠡᠨ ᠳᠤ᠂ ᠾᠧ ᠰᠢ ᠵᠡᠭᠡᠯᠢ ᠭᠤᠳᠤᠮᠵᠢ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠵᠢᠩᠬᠢᠨᠢ ᠪᠠᠷ ᠳᠠᠩᠰᠠᠯᠠᠬᠤ ᠠᠵᠢᠯ ᠢ ᠠᠬᠢᠭᠤᠯᠬᠤ ᠬᠤᠷᠠᠯ ᠬᠢᠵᠦ᠂ ᠲᠤᠭ᠎ᠠ ᠪᠦᠷᠢᠳᠬᠡᠯ ᠤᠨ ᠲᠣᠪᠴᠢᠶᠠᠨ ᠤ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠠᠷ ᠬᠤᠷᠠᠯ ᠳᠤ ᠣᠷᠣᠯᠴᠠᠨ ᠬᠢᠨᠠᠨ ᠵᠢᠯᠣᠭᠤᠳᠪᠠ᠃ ᠵᠡᠭᠡᠯᠢ ᠭᠤᠳᠤᠮᠵᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠲᠦᠭᠡᠮᠡᠯᠵᠢᠭᠦᠯᠬᠦ ᠠᠯᠪᠠᠨ ᠬᠡᠷ ᠤᠨ ᠠᠵᠢᠯᠲᠠᠨ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠤᠨ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠵᠡᠷᠭᠡ 30 ᠭᠠᠷᠤᠶ ᠬᠥᠮᠦᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠬᠥᠮᠦᠨ ᠤ ᠬᠦᠴᠦᠨ ᠤ ᠡᠬᠢ ᠪᠠᠶᠠᠯᠢᠭ ᠢ ᠲᠦᠭᠡᠮᠡᠯᠵᠢᠭᠦᠯᠬᠦ ᠠᠯᠪᠠᠨ ᠭᠡᠷ ᠤᠨ ᠠᠵᠢᠯᠲᠠᠳ ᠾᠧ ᠰᠢ ᠵᠡᠭᠡᠯᠢ ᠭᠤᠳᠤᠮᠵᠢ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠪᠠᠶᠢᠳᠠᠯ ᠢ ᠮᠡᠳᠡᠭᠳᠡᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠡᠭᠡᠯᠢ ᠭᠤᠳᠤᠮᠵᠢ ᠶᠢᠨ ᠳᠣᠯᠣᠭᠠᠨ ᠬᠥᠮᠦᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ︵ᠲᠣᠰᠬᠤᠨ︶ ᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠠᠵᠤ ᠠᠬᠤᠶᠢᠯᠠᠯ ᠤᠨ ᠸᠢᠴᠠᠲ ᠢ ᠠᠰᠢᠭᠯᠠᠨ ᠡᠷᠦᠬᠡ ᠶᠢᠨ ᠮᠡᠳᠡᠭᠡ ᠵᠠᠩᠭᠢ᠂ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ ᠳᠡᠭᠡᠭᠰᠢ ᠮᠡᠳᠡᠭᠦᠯᠬᠦ ᠵᠡᠷᠭᠡ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠳᠤ ᠲᠥᠪᠯᠡᠷᠡᠩᠭᠦᠶ ᠬᠠᠷᠢᠭᠤᠯᠲᠠ ᠥᠭᠪᠡ᠃ ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠣᠬᠤᠷ ᠬᠦᠰᠦᠨᠦᠭᠲᠦ ᠳᠤ ᠪᠢᠴᠢᠵᠦ ᠣᠷᠣᠭᠤᠯᠬᠤ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠪᠠ ᠳᠤᠷᠠᠳᠤᠭᠰᠠᠨ ᠬᠦᠴᠢᠷ ᠠᠰᠠᠭᠤᠳᠠᠯ ᠤᠨ ᠲᠤᠬᠠᠶ ᠮᠠᠳᠠᠭ ᠲᠠᠢ ᠠᠰᠠᠭᠤᠳᠠᠯ ᠢ ᠰᠢᠢᠳᠪᠦᠷᠢᠯᠡᠪᠡ᠃     ᠾᠧ ᠰᠢ ᠵᠡᠭᠡᠯᠢ ᠭᠤᠳᠤᠮᠵᠢ ᠬᠤᠲᠠ ᠬᠥᠳᠡᠭᠡ ᠶᠢᠨ ᠤᠶᠠᠯᠳᠤᠭᠰᠠᠨ ᠣᠷᠣᠨ ᠪᠦᠰᠡ ᠳᠤ ᠪᠠᠶᠢᠷᠢᠯᠠᠵᠤ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠥᠷᠭᠡᠨ᠂ ᠬᠥᠮᠦᠨ ᠠᠮᠠ ᠶᠢᠨ ᠲᠤᠭ᠎ᠠ ᠬᠡᠮᠵᠢᠶ᠎ᠡ ᠠᠷᠪᠢᠨ᠂ ᠠᠵᠢᠯᠲᠠᠨ ᠤ ᠰᠢᠯᠵᠢᠯᠲᠡ ᠴᠢᠩᠭ᠎ᠠ᠂ ᠠᠵᠢᠯ ᠤᠨ ᠬᠦᠴᠢᠷᠳᠡᠯ ᠶᠡᠭᠡ ᠪᠠᠶᠢᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠤᠨ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠥᠬᠦᠴᠡᠯ ᠳᠤ ᠠᠰᠢᠭ ᠦᠭᠡᠶ᠂ ᠴᠠᠭ ᠤᠨ ᠵᠠᠩᠭᠢᠶ᠎ᠠ ᠴᠡᠭ ᠢ ᠴᠢᠩᠭ᠎ᠠ ᠰᠠᠬᠢᠵᠤ ᠂ ᠣᠷᠭᠢᠯᠤᠮ᠎ᠠ ᠬᠠᠯᠠᠭᠤᠨ ᠠᠵᠢᠯ ᠤᠨ ᠬᠡᠪ ᠴᠢᠨᠠᠷ ᠪᠣᠯᠤᠨ ᠨᠠᠷᠢᠨ ᠨᠢᠮᠪᠠᠶ ᠠᠵᠢᠯᠯᠠᠬᠤ ᠣᠪᠣᠷ ᠢᠶᠠᠷ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠳᠠᠩᠰᠠᠯᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号