ᠠᠮᠤᠷ ᠠᠮᠤᠭᠤᠯᠠᠩ ᠳ᠋ᠠ ᠾᠧ ᠸᠠᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠠᠬᠢᠭᠤᠯᠬᠤ ᠶᠢᠨ ᠲᠥᠯᠥᠭᠡ᠂ ᠥᠷᠭᠡᠨ ᠣᠯᠠᠨ ᠬᠥᠮᠦᠨ ᠰᠠᠭᠤᠭᠠᠯᠢ ᠠᠷᠠᠳ ᠣᠯᠠᠨ ᠲᠦᠮᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠳ᠋ᠠ ᠾᠧ ᠸᠠᠨ ᠪᠠᠯᠭᠠᠰᠤ ᠶᠢᠨ ᠠᠮᠤᠷ ᠲᠦᠪᠰᠢᠨ ᠤ | ᠪᠠᠶᠢᠭᠤᠯᠤᠯᠲᠠ ᠶᠢᠨ ᠠᠯᠪᠠᠨ ᠬᠡᠷ ᠲᠠᠢ ᠬᠤᠯᠪᠣᠭᠠᠯᠠᠨ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠶᠢ ᠠᠰᠢᠭᠯᠠ ᠴᠤᠭᠯᠠᠭ᠎ᠠ ᠮᠠᠶᠢᠮᠠᠶ ᠳᠤ ᠵᠠᠪᠳᠤᠬᠤ ᠡᠳᠦᠷ ︽ᠠᠮᠤᠷ ᠲᠦᠪᠰᠢᠨ ᠢ | ᠴᠤᠭᠯᠠᠭ᠎ᠠ ᠮᠠᠶᠢᠮᠠᠶ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠢ ᠦᠷᠨᠢᠭᠦᠯᠪᠡ᠃ | ᠠᠵᠢᠯᠯᠠᠭᠠᠨ ᠤ ᠳᠤᠮᠳᠠ ᠠᠵᠢᠯᠲᠠᠳ ᠴᠤᠭᠯᠠᠭ᠎ᠠ ᠮᠠᠶᠢᠮᠠᠶ ᠳᠤ ᠠᠷᠠᠳ ᠣᠯᠠᠨ ᠳᠤ ᠤᠬᠠᠭᠤᠯᠭ᠎ᠠ ᠶᠢᠨ | ᠬᠠᠭᠤᠳᠠᠰᠤ ᠲᠠᠷᠬᠠᠭᠠᠵᠤ ᠣᠯᠠᠨ ᠳᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠵᠠᠶ᠃ ᠰᠠᠭᠤᠭᠠᠯᠢ | ᠠᠷᠠᠳ ᠲᠤ ᠰᠠᠨᠠᠭᠤᠯᠬᠤ ᠨᠢ᠂ ᠡᠷᠬᠡᠪᠰᠢ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ | ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠪᠡᠶ᠎ᠡ ᠶᠢᠨ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠰᠠᠶᠢᠲᠤᠷ ᠬᠠᠮᠠᠭᠠᠯᠠᠬᠤ ᠶᠢ ᠰᠤᠷᠬᠤ ᠬᠡᠷᠡᠭᠲᠡᠢ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ | ᠤᠬᠠᠭᠤᠯᠭ᠎ᠠ ᠶᠢᠨ ᠠᠵᠢᠯ ᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠣᠶᠢᠶ᠎ᠠ ᠳᠤ᠂ ᠠᠵᠢᠯᠲᠠᠳ ᠥᠷᠭᠡᠨ | ᠣᠯᠠᠨ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠡᠷᠡᠰ ᠣᠷᠣᠯᠴᠠᠬᠤ ᠦᠭᠡᠶ | ᠪᠠᠶᠢᠬᠤ ᠬᠡᠷᠡᠭᠲᠡᠶ ᠭᠡᠵᠦ ᠰᠠᠨᠠᠭᠤᠯᠪᠠ᠂ ᠬᠡᠷᠪᠡ ᠬᠠᠤᠯᠢ ᠪᠤᠰᠤ ᠦᠢᠯᠡ ᠠᠵᠢᠯᠯᠠᠭ᠎ᠠ ᠶᠢ ᠣᠯᠵᠤ ᠮᠡᠳᠡᠪᠡᠯ ᠳᠠᠷᠦ᠋ᠢᠬᠠᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠶ᠃ | ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 300 ᠭᠠᠷᠤᠶ ᠤᠬᠠᠭᠤᠯᠬᠤ ᠮᠠᠲ᠋ᠧᠷᠢᠶᠠᠯ ᠲᠠᠷᠬᠠᠭᠠᠵᠤ᠂ 200 | ᠭᠠᠷᠤᠶ ᠬᠥᠮᠦᠨ ᠤᠳᠠᠭ᠎ᠠ ᠣᠷᠣᠯᠴᠠᠵᠤ᠂ 60 ᠭᠠᠷᠤᠶ ᠬᠥᠮᠦᠨ ᠤᠳᠠᠭ᠎ᠠ ᠠᠰᠠᠭᠤᠨ ᠯᠠᠪᠯᠠᠯᠲᠠ ᠳᠤ ᠬᠠᠷᠢᠭᠤᠯᠲᠠ | ᠥᠭᠴᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ | ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠶ᠃ ︵ᠨᠠᠶᠢᠷᠠᠭᠤᠯᠤᠭᠴᠢ᠄ ᠹᠧᠩ ᠶᠢᠩ | ᠨᠠᠨᠳᠢᠨ︶ |