ᠰᠢᠩ ᠬᠤᠸᠠ ᠵᠡᠭᠡᠯᠢ ᠭᠤᠳᠤᠮᠵᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020/11/16
    ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠥᠪ ᠡᠷᠡᠭᠦᠯ ᠮᠡᠨᠳᠦ ᠶᠢᠨ ᠦᠵᠡᠯᠲᠡ ᠲᠠᠢ ᠪᠣᠯᠬᠤ ᠶᠢ ᠠᠬᠢᠭᠤᠯᠵᠤ᠂ ᠬᠤᠯᠤᠭᠠᠨ᠎ᠠ ᠶᠢᠨ ᠬᠢᠵᠢᠭ ᠢ ᠵᠦᠶ ᠵᠣᠬᠢᠰᠲᠠᠶ ᠤᠷᠢᠳᠴᠢᠯᠠᠨ ᠰᠡᠷᠭᠡᠢᠯᠡᠬᠦ ᠶᠢᠨ ᠲᠥᠯᠦᠬᠡ᠂ ᠰᠢᠩ ᠬᠤᠸᠠ ᠵᠡᠭᠡᠯᠢ ᠭᠤᠳᠤᠮᠵᠢ ᠶᠢᠨ ᠰᠢᠤ ᠱᠦᠶ ᠨᠡᠶᠢᠭᠡᠮ ᠲᠣᠭᠤᠷᠢᠭ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠬᠦ ᠠᠵᠢᠯᠯᠠᠭ᠎ᠠ ᠦᠷᠨᠢᠬᠦᠯᠪᠡ᠃     ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠵᠢᠭᠠᠨ ᠵᠢᠯᠣᠭᠤᠳᠣᠭᠴᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠬᠤᠯᠤᠭᠠᠨ᠎ᠠ ᠶᠢᠨ ᠬᠢᠵᠢᠭ ᠤᠨ ᠤᠬᠠᠭᠳᠠᠬᠤᠨ᠂ ᠡᠪᠡᠳᠴᠢᠨ ᠤ ᠢᠯᠡᠷᠡᠯ ᠵᠢᠴᠢ ᠬᠠᠯᠳᠠᠪᠤᠷᠢᠯᠠᠬᠤ ᠠᠷᠭ᠎ᠠ ᠵᠠᠮ ᠵᠡᠷᠭᠡ ᠮᠡᠳᠡᠯᠭᠡ ᠶᠢ ᠲᠠᠶᠢᠯᠪᠤᠷᠢᠯᠠᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠠᠰᠠ ᠲᠤᠬᠠᠶ ᠶᠢᠨ ᠲᠠᠯᠠᠪᠤᠷ ᠲᠤ ᠪᠠᠶᠢᠭ᠎ᠠ ᠰᠠᠭᠤᠭᠠᠯᠢ ᠠᠷᠠᠳ ᠲᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ᠂ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠵᠤ ᠡᠷᠡᠭᠦᠯ ᠴᠢᠭᠢᠷᠠᠭ ᠨᠠᠰᠤᠲᠠᠨ᠂ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠬᠡᠨ ᠤ ᠭᠠᠷ ᠳᠡᠪᠲᠡᠷ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠪᠠ ᠬᠢᠵᠢᠭ ᠢ ᠰᠡᠷᠭᠡᠶᠢᠯᠡᠬᠦ ᠡᠮ ᠤᠨ ᠵᠦᠢᠯ ᠢ ᠲᠦᠭᠡᠭᠡᠵᠦ ᠥᠭᠴᠡᠶ᠃     ᠲᠤᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠣᠯᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠬᠠᠳᠬᠠᠵᠤ᠂ ᠬᠤᠯᠤᠭᠠᠨ᠎ᠠ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ ᠬᠤᠯᠤᠭᠠᠨ᠎ᠠ ᠶᠢᠨ ᠬᠢᠵᠢᠭ ᠪᠣᠯ ᠰᠡᠷᠭᠡᠶᠢᠯᠡᠵᠦ ᠪᠣᠯᠬᠤ ᠵᠠᠰᠠᠵᠤ ᠪᠣᠯᠬᠤ ᠶᠢ ᠲᠠᠨᠢᠵᠤ ᠣᠯᠵᠠᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号