ᠴᠢᠩᠭᠢᠰ ᠬᠠᠭᠠᠨ ᠪᠠᠯᠭᠠᠰᠤ ︽ᠦᠬᠡᠷ ᠤᠨ ᠵᠠᠩᠭᠢᠯᠠᠭᠠᠲᠤ ᠴᠢᠨᠠᠷᠲᠠᠢ ᠠᠷᠠᠰᠤᠨ ᠤ ᠡᠪᠡᠳᠴᠢᠨ︾ ᠢ ᠰᠡᠷᠭᠡᠶᠢᠯᠡᠨ ᠡᠵᠡᠮᠳᠡᠬᠦ ᠪᠠ ᠤᠬᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020/11/16
    ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠴᠢᠩᠭᠢᠰ ᠬᠠᠭᠠᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠬᠢᠵᠢᠭ ᠰᠡᠷᠭᠡᠶᠢᠯᠡᠬᠦ ᠠᠵᠢᠯᠲᠠᠨ ᠢ ᠵᠣᠬᠢᠶᠠᠨ ᠪᠠᠶᠢᠭᠤᠯᠤᠨ ᠦᠬᠡᠷ ᠤᠨ ᠵᠠᠩᠭᠢᠯᠠᠭᠠᠲᠤ ᠴᠢᠨᠠᠷᠲᠠᠶ ᠠᠷᠠᠰᠤᠨ ᠤ ᠡᠪᠡᠳᠴᠢᠨ ᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠪᠡ᠃     ᠣᠳᠣᠬᠠᠨ ᠳᠤ᠂ ᠴᠢᠩᠭᠢᠰ ᠬᠠᠭᠠᠨ ᠪᠠᠯᠭᠠᠰᠤ ᠨᠢᠭᠡᠨᠲᠡ ᠬᠢᠯᠢ ᠶᠢᠨ ᠳᠣᠲᠣᠷᠠᠬᠢ ᠬᠥᠯᠥᠨ ᠪᠤᠶᠢᠷ ᠤᠨ ᠰᠠᠢ ᠶᠢᠥ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠬᠥᠯᠥᠨ ᠪᠤᠶᠢᠷ ᠤᠨ ᠷᠧᠨ ᠾᠧ ᠮᠠᠯ ᠠᠵᠤ ᠠᠬᠤᠶ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠠᠮᠵᠢᠭᠤᠯᠵᠤ᠂ ᠤᠬᠠᠭᠤᠯᠬᠤ ᠮᠠᠲ᠋ᠧᠷᠢᠶᠠᠯ ᠨᠠᠭᠠᠵᠤ ᠥᠭᠴᠡᠶ᠃ ᠡᠭᠦᠨ ᠤ ᠬᠠᠮᠲᠤ ᠬᠠᠷᠢᠭᠤᠴᠠᠯᠭᠠᠲᠠᠨ ᠵᠢᠴᠢ ᠮᠠᠯ ᠡᠮᠨᠡᠯᠭᠡ ᠶᠢᠨ ᠠᠵᠢᠯᠲᠠᠳ ᠲᠤ ᠦᠬᠡᠷ ᠤᠨ ᠠᠷᠠᠰᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠵᠠᠶ᠃ ᠡᠭᠦᠨ ᠤ ᠳᠤ ᠬᠠᠮᠲᠤ ᠲᠣᠰ ᠪᠠᠯᠭᠠᠰᠤᠨ ᠤ ᠲᠠᠷᠠᠬᠠᠶ ᠪᠤᠲᠠᠷᠬᠠᠶ ᠦᠬᠡᠷ ᠲᠡᠵᠢᠭᠡᠨ ᠦᠷᠡᠵᠢᠭᠦᠯᠬᠦ ᠡᠷᠦᠬᠡ ᠳᠤ ᠵᠢᠭᠰᠠᠭᠠᠨ ᠪᠠᠶᠢᠴᠠᠭᠠᠵᠤ ᠤᠬᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ 11 ᠰᠠᠷ᠎ᠠ ᠶᠢᠨ 14 ᠤ ᠡᠳᠦᠷ ᠪᠣᠯᠲᠠᠯ᠎ᠠ᠂ ᠨᠡᠶᠢᠲᠡ 764 ᠬᠤᠪᠢ ᠦᠬᠡᠷ ᠤᠨ ᠠᠷᠠᠰᠤᠨ ᠡᠪᠡᠳᠴᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 1127 ᠡᠷᠦᠬᠡ᠂ 23361 ᠦᠬᠡᠷ᠂ 18 ᠲᠡᠭᠡᠭᠡᠪᠦᠷᠢ ᠶᠢᠨ ᠲᠡᠷᠭᠡ ᠬᠥᠰᠬᠡ ᠶᠢ ᠵᠢᠭᠰᠠᠭᠠᠨ ᠪᠠᠶᠢᠴᠠᠭᠠᠵᠤ᠂ ᠭᠠᠳᠠᠭᠠᠳᠤ ᠠᠴᠠ ᠣᠷᠣᠭᠤᠯᠤᠭᠰᠠᠨ ᠠᠮᠢᠳᠤ ᠦᠬᠡᠷ ᠵᠢᠴᠢ ᠰᠡᠵᠢᠭ ᠲᠠᠢ ᠡᠪᠡᠳᠴᠢᠨ ᠤ ᠵᠢᠱᠢᠶ᠎ᠡ ᠶᠢ ᠣᠯᠵᠤ ᠮᠡᠳᠡᠭᠰᠡᠨ ᠦᠭᠡᠢ᠃ ᠰᠠᠢ ᠶᠢᠦ ᠮᠠᠯ ᠠᠵᠤ ᠠᠬᠤᠶ ᠲᠠᠯᠠᠪᠠᠢ ᠳᠣᠲᠣᠷᠠᠬᠢ ᠦᠬᠡᠷ ᠲᠤ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠨᠢᠭᠡᠨᠲᠡ ᠪᠡᠶᠡᠯᠡᠭᠦᠯᠪᠡ᠃     ᠳᠠᠷᠠᠭ᠎ᠠ ᠠᠯᠬᠤᠮ ᠳᠤ᠂ ᠴᠢᠩᠭᠢᠰ ᠬᠠᠭᠠᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠢ ᠳᠡᠯᠭᠡᠷᠡᠭᠦᠯᠬᠦ ᠲᠥᠪ ᠨᠢ ᠵᠢᠭᠰᠠᠭᠠᠨ ᠪᠠᠶᠢᠴᠠᠭᠠᠬᠤ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠬᠠᠳᠬᠠᠨ᠎ᠠ᠃ ᠮᠠᠯ ᠤᠨ ᠬᠦᠢᠯᠬᠡᠬᠡᠨ ᠤ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号