ᠲᠢᠶᠧ ᠳ᠋ᠦᠩ ᠵᠡᠭᠡᠯᠢ ᠭᠤᠳᠤᠮᠵᠢ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠷᠦᠬᠡ ᠶᠢᠨ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020/11/17
    ᠶᠠᠳᠠᠭᠤ ᠬᠦᠴᠢᠷᠳᠡᠯᠲᠡᠶ ᠡᠷᠦᠬᠡ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠨᠢᠭᠡ ᠵᠦᠢᠯ ᠤᠨ ᠮᠡᠷᠭᠡᠵᠢᠯ ᠡᠵᠡᠮᠰᠢᠭᠦᠯᠵᠦ᠂ ᠬᠤᠪᠢ ᠬᠥᠮᠦᠨ ᠤ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠡᠷᠲᠡ ᠨᠢᠭᠡᠨ ᠡᠳᠦᠷ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢᠨ ᠲᠥᠯᠥᠭᠡ᠂ 11 ᠰᠠᠷ᠎ᠠ ᠶᠢᠨ 13 ᠤ ᠦᠳᠡ ᠬᠤᠶᠢᠨ᠎ᠠ᠂ ᠲᠢᠶᠧ ᠳ᠋ᠦᠩ ᠵᠡᠭᠡᠯᠢ ᠭᠤᠳᠤᠮᠵᠢ ᠶᠢᠨ ᠲᠢᠶᠧ ᠳ᠋ᠦᠩ ᠲᠣᠰᠬᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠷᠦᠬᠡ ᠶᠢᠨ ᠭᠠᠷ ᠤᠷᠠᠯᠠᠯ ᠤᠨ ᠪᠦᠲᠦᠭᠡᠭᠳᠡᠬᠦᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠷᠠᠬᠢ 11 ᠭᠠᠷ ᠤᠷᠠᠯᠠᠯ ᠤᠨ ᠪᠦᠲᠦᠭᠡᠭᠳᠡᠬᠦᠨ ᠢ ᠪᠠᠭ᠋ᠠᠷᠬᠠᠭᠴᠢ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠯ ᠤᠨ ᠲᠠᠯ᠎ᠠ ᠪᠠᠷ᠂ ᠬᠢᠴᠢᠶᠡᠯ ᠣᠷᠣᠬᠤ ᠪᠠᠭᠰᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠲᠦᠭᠦᠬᠡᠶ ᠮᠠᠲ᠋ᠧᠷᠢᠶᠠᠯ ᠤᠨ ᠣᠨᠴᠠᠯᠢᠭ᠂ ᠦᠨᠳᠦᠰᠦᠨ ᠠᠷᠭ᠎ᠠ ᠪᠠ ᠤᠷ᠎ᠠ ᠮᠡᠷᠭᠡᠵᠢᠯ᠂ ᠬᠠᠷᠠᠭᠠᠰᠤ ᠶᠢ ᠬᠡᠷᠬᠢᠨ ᠡᠵᠡᠮᠳᠡᠬᠦ ᠵᠡᠷᠭᠡ ᠨᠠᠷᠢᠨ ᠵᠦᠢᠯᠡᠰ ᠤᠨ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠨᠢᠭᠡ ᠲᠠᠯ᠎ᠠ ᠪᠠᠷ ᠲᠠᠶᠢᠯᠠᠪᠤᠷᠢᠯᠠᠵᠤ᠂ ᠨᠥᠬᠦᠬᠡ ᠲᠠᠯ᠎ᠠ ᠪᠠᠷ ᠵᠢᠱᠢᠶ᠎ᠡ ᠦᠵᠡᠭᠦᠯᠬᠦ ᠦᠢᠯᠡᠳᠬᠦ ᠶᠠᠪᠤᠴᠠ ᠳᠤ ᠬᠢᠴᠢᠶᠡᠯ ᠣᠷᠣᠬᠤ ᠪᠠᠭᠰᠢ ᠪᠠᠰᠠ ᠳᠡᠷᠭᠡᠳᠡᠬᠢ ᠰᠤᠷᠤᠭᠴᠢᠳ ᠲᠠᠢ ᠪᠠᠨ ᠬᠠᠷᠢᠯᠴᠠᠨ ᠰᠤᠷᠤᠯᠴᠠᠵᠤ᠂ ᠪᠣᠯᠪᠠᠰᠤᠷᠠᠯ ᠤᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠶ ᠪᠠᠶᠢᠵᠤ᠂ ᠰᠤᠷᠤᠭᠴᠢᠳ ᠢᠳᠡᠪᠬᠢᠲᠡᠶ ᠠᠰᠠᠭᠤᠯᠲᠠ ᠠᠰᠠᠭᠤᠵᠤ᠂ ᠬᠢᠨᠠᠮᠠᠭᠠᠶ ᠠᠵᠢᠯᠯᠠᠵᠠᠶ᠃ ᠡᠨᠡ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠠᠯᠠᠭᠤᠨ ᠰᠡᠳᠬᠢᠯᠭᠡ ᠶᠢ ᠬᠥᠭᠵᠢᠭᠡᠵᠡᠢ᠃     ᠳᠠᠷᠠᠭ᠎ᠠ ᠠᠯᠬᠤᠮ ᠳᠤ᠂ ᠲᠢᠶᠧ ᠳ᠋ᠦᠩ ᠲᠣᠰᠬᠤᠨ ᠪᠣᠳᠠᠲᠤ ᠬᠡᠷᠡᠭᠯᠡᠭᠡᠨ ᠤ ᠴᠢᠨᠠᠷ ᠢᠶᠠᠷ ᠴᠢᠩᠭ᠎ᠠ ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠰ ᠢ ᠪᠣᠯᠪᠠᠰᠤᠷᠠᠯ ᠬᠦᠷᠲᠡᠭᠡᠬᠦ ᠪᠠᠷ ᠳᠠᠮᠵᠢᠨ ᠥᠪᠡᠷ ᠤᠨ ᠥᠷᠲᠡᠭ ᠢᠶᠠᠨ ᠳᠠᠬᠢᠨ ᠴᠤᠭᠴᠠᠯᠠᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠪᠠᠰᠠ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠰᠣᠶᠣᠯ ᠤᠨ ᠬᠡᠪ ᠪᠣᠯᠪᠠᠰᠤᠷᠠᠯ ᠤᠨ ᠦᠢᠯᠡᠳᠦᠯ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠨᠡᠩ ᠶᠡᠭᠡ ᠦᠷ᠎ᠡ ᠪᠦᠲᠦᠮᠵᠢ ᠣᠯᠭᠤᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号