ᠭᠤᠤ ᠲᠠᠢ ᠽᠢ ᠵᠡᠭᠡᠯᠢ ᠭᠤᠳᠤᠮᠵᠢ ︽ᠬᠥᠬᠡᠮᠳᠦᠭ ᠤᠰᠤ ᠬᠥᠬᠡ ᠣᠭᠲᠠᠷᠭᠤᠶ ᠶᠢ ᠬᠠᠮᠠᠭᠠᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/17
    ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠡᠪ ᠤᠨ ᠪᠠᠶᠢᠳᠠᠯ ᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠂ ᠣᠶᠢᠷ᠎ᠠ ᠳᠤ᠂ ᠭᠤᠤ ᠲᠠᠢ ᠽᠢ ᠵᠡᠭᠡᠯᠢ ᠭᠤᠳᠤᠮᠵᠢ ︽ᠬᠥᠬᠡᠮᠳᠦᠭ ᠤᠰᠤ ᠬᠥᠬᠡ ᠣᠭᠲᠠᠷᠭᠤᠶ ᠶᠢ ᠬᠠᠮᠠᠭᠠᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠪᠠ ᠠᠮᠤᠷ ᠲᠦᠪᠰᠢᠨ ᠤ ᠬᠥᠮᠦᠵᠢᠯ ᠢ ᠤᠶᠠᠯᠳᠣᠭᠤᠯᠪᠠ᠃ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ ᠰᠢᠲᠠᠭᠠᠬᠤ ᠶᠢ ᠴᠠᠭᠠᠵᠠᠯᠠᠬᠤ ᠠᠵᠢᠯ ᠢ ᠥᠷᠨᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢᠨ ᠰᠢᠨ᠎ᠡ ᠥᠷᠨᠢᠯᠲᠡ ᠶᠢ ᠪᠤᠢ ᠪᠣᠯᠭᠠᠨ᠎ᠠ     ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠲᠠᠷᠢᠶᠠᠨ ᠭᠠᠵᠠᠷ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠣᠷᠣᠵᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠤᠬᠠᠭᠤᠯᠬᠤ ᠤᠷᠢᠶ᠎ᠠ ᠯᠣᠽᠦ᠋ᠩ ᠡᠯᠭᠦᠵᠦ᠂ ᠲᠣᠰᠬᠤᠨ ᠤ ᠠᠷᠠᠳ ᠲᠤ ᠡᠰᠢ ᠰᠦᠷᠡᠯ ᠰᠢᠲᠠᠭᠠᠬᠤ ᠶᠢᠨ ᠬᠥᠨᠥᠭᠡᠯ ᠪᠣᠯᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠨᠠᠷᠢᠨ ᠨᠢᠭᠲᠠ ᠲᠠᠶᠢᠯᠠᠪᠤᠷᠢᠯᠠᠪᠠ᠃ ᠡᠯ᠎ᠡ ᠲᠣᠰᠬᠤᠨ ᠤ ᠨᠠᠮ ᠤᠨ ᠭᠡᠰᠢᠭᠦᠳ ᠣᠯᠠᠨ ᠲᠦᠮᠡᠨ ᠢ ᠳᠠᠶᠢᠴᠢᠯᠠᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠪᠦᠬᠦ ᠲᠣᠰᠬᠤᠨ ᠳᠤ ᠬᠥᠮᠦᠨ ᠪᠦᠬᠦᠨ ᠭᠠᠯᠳᠠᠬᠤ ᠶᠢ ᠴᠠᠭᠠᠵᠠᠯᠠᠬᠤ᠂ ᠬᠥᠮᠦᠨ ᠪᠦᠬᠦᠨ ᠰᠠᠨᠠᠭᠠᠴᠢᠯᠠᠭ᠎ᠠ ᠠᠴᠠ ᠪᠠᠨ ᠭᠠᠯ ᠰᠢᠲᠠᠭᠠᠬᠤ ᠶᠢ ᠴᠠᠭᠠᠵᠠᠯᠠᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃     ᠡᠨᠡ ᠤᠳᠠᠭᠠᠨ ᠤ ᠠᠵᠢᠯᠯᠠᠭ᠎ᠠ ᠳᠤ᠂ ᠪᠣᠳᠠᠲᠤ ᠠᠵᠢᠯᠯᠠᠭ᠎ᠠ ᠪᠠᠷ ᠳᠠᠮᠵᠢᠨ ᠭᠡᠷ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠶᠢᠨ ᠬᠠᠮᠲᠤ ᠬᠥᠮᠦᠨ ᠪᠦᠬᠦᠨ ᠣᠷᠣᠯᠴᠠᠬᠤ ᠶᠢ ᠰᠠᠨᠠᠭᠠᠴᠢᠯᠠᠵᠤ᠂ ᠨᠣᠭᠤᠭᠠᠨ ᠥᠩᠭᠡᠲᠦ ᠣᠶᠢᠯᠠᠭᠠᠭᠳᠠᠬᠤᠨ ᠤ ᠤᠯᠠᠮᠵᠢᠯᠠᠭᠴᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠭᠴᠢ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠭᠴᠢ᠂ ᠨᠣᠭᠤᠭᠠᠨ ᠦᠩᠬᠡ ᠶᠢ ᠬᠠᠮᠠᠭᠠᠯᠠᠬᠤ ᠬᠤᠰᠢᠭᠤᠴᠢ ᠪᠣᠯᠬᠤ ᠶᠢᠨ ᠬᠠᠮᠲᠤ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠪᠠ᠃     ᠳᠠᠷᠠᠭ᠎ᠠ ᠠᠯᠬᠤᠮ ᠳᠤ᠂ ᠭᠤᠤ ᠲᠠᠢ ᠽᠢ ᠵᠡᠭᠡᠯᠢ ᠭᠤᠳᠤᠮᠵᠢ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠭᠤᠤᠯ ᠰᠡᠳᠦᠪ ᠤᠨ ᠲᠣᠭᠤᠷᠢᠨ ᠳᠤ ᠭᠤᠤᠯ ᠰᠡᠳᠦᠪ ᠤᠨ ᠨᠠᠮ ᠤᠨ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠬᠡᠯᠪᠡᠷᠢ ᠪᠠᠷ ᠠᠴᠢᠶᠠᠯᠠᠪᠤᠷᠢ ᠪᠤᠯᠭᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠨ᠎ᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号