ᠮᠥᠬᠦᠴᠢ ᠪᠠᠯᠭᠠᠰᠤ᠄ ᠨᠡᠷᠡᠨ ᠭᠡᠷᠡᠯᠲᠦ ᠡᠮ ᠡᠮᠨᠡᠯᠭᠡ ᠶᠢᠨ ᠳᠠᠭᠠᠳᠬᠠᠯ ᠢ ᠯᠠᠪᠳᠠᠭᠤᠨ ᠪᠠᠲᠤᠲᠠᠶ ᠠᠬᠢᠭᠤᠯᠵᠤ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠶᠢᠨ ᠠᠵᠢᠯᠯᠠᠭ᠎ᠠ ᠶᠢ ᠶᠠᠪᠤᠭᠤᠯᠪᠠ
ᠨᠡᠶᠢᠲᠡᠯᠡᠭᠰᠡᠨ ᠴᠠᠭ᠄
2020/11/17
    ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠥᠬᠦᠴᠢ ᠪᠠᠯᠭᠠᠰᠤ ᠨᠢ ᠡᠨᠡ ᠬᠦ ᠠᠵᠢᠯ ᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠤᠬᠠᠭᠤᠯᠭ᠎ᠠ ᠶᠢ ᠵᠡᠷᠭᠡ ᠳᠤᠨᠢ ᠴᠢᠬᠤᠯᠠᠴᠢᠯᠠᠬᠤ᠂ ᠦᠢᠯᠡᠴᠢᠯᠡᠬᠡᠨ ᠢ ᠵᠡᠷᠭᠡ ᠳᠤᠨᠢ ᠴᠢᠬᠤᠯᠠᠴᠢᠯᠠᠬᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠴᠠ ᠪᠣᠯᠤᠭᠰᠠᠨ ᠠᠰᠢᠭ ᠲᠤᠰᠠ ᠶᠢ ᠶᠡᠬᠡᠪᠡᠷ ᠤᠬᠠᠭᠤᠯᠬᠤ ᠬᠡᠷᠡᠭᠲᠡᠶ᠃     ᠨᠢᠭᠡ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠪᠠᠶᠢᠷᠠᠭᠤᠯᠠᠬᠤ ᠬᠡᠷᠡᠭᠲᠡᠢ᠃ ᠬᠤᠷᠠᠯ ᠬᠤᠷᠠᠯᠳᠤᠭᠤᠯᠵᠤ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠷᠢᠶᠠᠨ ᠠᠪᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠤᠲᠠᠲᠠᠶᠢᠵᠢᠭᠤᠯᠵᠤ᠂ ᠡᠮᠨᠡᠯᠭᠡ ᠶᠢᠨ ᠳᠠᠭᠠᠳᠬᠠᠯ ᠤᠨ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠠᠭᠤᠯᠭ᠎ᠠ᠂ ᠰᠢᠨ᠎ᠡ ᠠᠷᠭ᠎ᠠ ᠬᠡᠯᠪᠡᠷᠢ ᠶᠢ ᠥᠷᠭᠡᠨ ᠢᠶᠠᠷ ᠤᠬᠠᠭᠤᠯᠵᠤ᠂ 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠬᠤᠷᠢᠶᠠᠨ ᠠᠪᠬᠤ ᠠᠵᠢᠯ ᠢ ᠦᠨᠡᠨ ᠬᠦ ᠪᠡᠶᠡᠯᠡᠭᠦᠯᠦᠨ᠎ᠡ᠃     ᠬᠤᠶᠠᠷ ᠲᠤ᠂ ᠶᠡᠭᠡ ᠪᠠᠷ ᠤᠬᠠᠭᠤᠯᠵᠤ᠂ ᠥᠷᠭᠡᠨ ᠢᠶᠠᠷ ᠬᠠᠮᠤᠷᠠᠬᠤ ᠬᠡᠷᠡᠭᠲᠡᠢ᠃ ᠡᠯ᠎ᠡ ᠲᠣᠰᠬᠤᠨ ᠤ ᠬᠢᠨ ᠸᠢᠴᠠᠲ ᠤᠨ ᠭᠤᠷᠪᠠᠨ ᠶᠠᠪᠤᠳᠠᠯ ᠢ ᠢᠯᠡ ᠪᠣᠯᠭᠠᠬᠤ ᠬᠤᠯᠪᠤᠭ᠎ᠠ᠂ ᠮᠠᠰᠢᠨ ᠲᠡᠷᠭᠡᠨ ᠤ ᠰᠢᠯᠵᠢᠭᠡ ᠪᠦᠷᠢᠶ᠎ᠡ᠂ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠵᠡᠷᠭᠡ ᠣᠯᠠᠨ ᠵᠦᠢᠯ ᠤᠨ ᠬᠡᠯᠪᠡᠷᠢ ᠪᠠᠷ ᠤᠬᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠪᠴᠢᠷᠠᠭᠰᠠᠨ ᠦᠷ᠎ᠡ ᠠᠰᠢᠭ ᠢ ᠤᠬᠠᠭᠤᠯᠵᠤ᠂ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠬᠦᠷᠲᠡᠵᠦ ᠪᠣᠯᠬᠤ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠵᠡᠷᠭᠡ ᠬᠠᠮᠢᠶ᠎ᠠ ᠪᠦᠬᠦᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠴᠡ ᠶᠢᠨ ᠬᠡᠮᠵᠢᠶ᠎ᠡ ᠶᠢ ᠥᠷᠭᠡᠨ ᠣᠯᠠᠨ ᠠᠷᠠᠳ ᠲᠦᠮᠡᠨ ᠳᠤ ᠴᠠᠭ ᠲᠤᠬᠠᠶ ᠳᠤᠨᠢ ᠤᠶᠢᠯᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠤᠷᠢᠶᠠᠨ ᠠᠪᠤᠭᠰᠠᠨ ᠡᠷᠦᠬᠡ ᠪᠦᠷᠢ ᠮᠡᠳᠡᠬᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠭᠤᠷᠪᠠ ᠳᠤ᠂ ᠣᠯᠠᠨ ᠲᠦᠮᠡᠨ ᠳᠤ ᠠᠰᠢᠭ ᠬᠦᠷᠲᠡᠭᠡᠵᠦ᠂ ᠪᠦᠬᠦᠲᠡ ᠪᠠᠷ ᠳᠠᠭᠠᠳᠬᠠᠯ ᠳᠤ ᠣᠷᠤᠯᠴᠠᠨ᠎ᠠ᠃ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ 2021 ᠤᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠬᠤᠷᠢᠶᠠᠨ ᠠᠪᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠤᠷᠲᠤ ᠬᠤᠭᠤᠴᠠᠭ᠎ᠠ ᠪᠠᠷ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ᠂ ᠳ᠋ᠢᠶᠠᠩᠬᠤᠸᠠ᠂ ᠸᠢᠴᠠᠲ ᠤᠨ ᠠᠷᠭ᠎ᠠ ᠮᠠᠶ᠋ᠢᠭ ᠢᠶᠠᠷ ᠮᠡᠳᠡᠭᠳᠡᠬᠦ᠂ ᠬᠥᠳᠡᠯᠵᠦ ᠪᠠᠷᠢᠬᠤ ᠳᠤ ᠳᠥᠭᠦᠮ ᠦᠭᠡᠢ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠣᠯᠠᠨ ᠲᠦᠮᠡᠨ ᠳᠤ ᠡᠭᠦᠳᠡᠨ ᠳᠤ ᠣᠴᠢᠵᠤ ᠦᠢᠯᠡᠴᠢᠯᠡᠭᠡ ᠬᠠᠩᠭᠠᠵᠤ᠂ ᠣᠨᠴᠠ ᠬᠦᠴᠢᠷᠳᠡᠯᠲᠡᠶ ᠠᠰᠠᠷᠠᠨ ᠲᠡᠵᠢᠭᠡᠭᠴᠢᠳ᠂ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ ᠬᠡᠤᠬᠡᠳ ᠢ ᠡᠳ᠋ ᠤᠨ ᠵᠠᠰᠠᠭ ᠠᠴᠠ ᠨᠢᠭᠡᠳᠦᠯᠲᠡᠶ ᠣᠷᠣᠯᠠᠨ ᠲᠤᠰᠢᠶᠠᠨ᠎ᠠ᠃ ᠪᠦᠬᠦ ᠠᠵᠢᠯᠲᠠᠨ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ ᠃ ᠲᠣᠰᠬᠤᠨ ᠤ ᠠᠷᠠᠳ ᠸᠢᠴᠠᠲ ᠤᠨ ᠬᠡᠯᠪᠡᠷᠢ ᠪᠠᠷ ᠵᠠᠷᠤᠳᠠᠯ ᠲᠤᠰᠢᠶᠠᠵᠤ ᠪᠣᠯᠤᠨ᠎ᠠ᠂ ᠡᠰᠡᠬᠦᠯ᠎ᠡ ᠲᠣᠰᠬᠤᠨ ᠳᠤ ᠬᠦᠷᠴᠦ 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠣᠷᠣᠯᠴᠠᠵᠤ᠂ ᠥᠷᠭᠡᠨ ᠤᠯᠠᠨ ᠠᠷᠠᠳ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号