ᠨᠡᠶᠢᠭᠡᠮ ᠲᠣᠭᠤᠷᠢᠭ ᠤᠨ ᠰᠣᠶᠣᠯ ᠤᠷᠠᠯᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ | ᠳᠤᠮᠳᠠᠳᠤ ᠶᠢᠨ ᠦᠨᠳᠦᠰᠦᠲᠡᠨ ᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠠᠭᠤᠭᠠᠯᠢ ᠠᠷᠠᠳ ᠤᠨ ᠠᠵᠢᠯ ᠤᠨ | ᠴᠢᠯᠥᠭᠡ ᠶᠢᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠦᠬᠡ ᠲᠦᠷᠦᠭᠦᠬᠡᠨ ᠰᠢᠩ ᠬᠤᠸᠠ ᠵᠡᠭᠡᠯᠢ | ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠲᠣᠰ ᠵᠡᠭᠡᠯᠢ ᠭᠤᠳᠤᠮᠵᠢ ᠶᠢᠨ ᠨᠢᠭᠡᠳᠦᠭᠡᠷ ᠬᠤᠭᠤᠴᠠᠭᠠᠨ ᠤ | ᠨᠡᠶᠢᠲᠡ ᠶᠢᠨ ᠠᠰᠠᠷᠠᠮᠵᠢ ᠶᠢᠨ ᠤᠷᠠᠨ ᠵᠢᠷᠤᠭ ᠤᠨ ᠠᠩᠭᠢ ᠶᠢᠨ ᠵᠢᠭᠠᠨ ᠰᠤᠷᠭᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ | ᠨᠡᠶᠢᠭᠡᠮ ᠲᠣᠭᠤᠷᠢᠭ ᠨᠢ ᠲᠣᠤᠷᠵᠢᠭᠤᠯᠬᠤ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠤᠷᠠᠨ ᠵᠢᠷᠤᠭ ᠤᠨ | ᠠᠩᠭᠢ ᠳᠤ ᠡᠮᠦᠨᠡᠬᠢ ᠬᠤᠭᠤᠴᠠᠭᠠᠨ ᠤ ᠤᠬᠠᠭᠤᠯᠭ᠎ᠠ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠣᠯᠠᠨ ᠤ | ᠢᠳᠡᠪᠬᠢᠲᠡᠢ ᠳᠡᠮᠵᠢᠯᠭᠡ ᠪᠣᠯᠤᠨ ᠵᠥᠪᠰᠢᠶᠡᠷᠡᠯ ᠢ ᠣᠯᠵᠤ᠂ ᠠᠵᠢᠯᠯᠠᠭᠠᠨ ᠤ ᠳᠤᠮᠳᠠ᠂ ᠨᠡᠶᠢᠭᠡᠮ ᠲᠣᠭᠤᠷᠢᠭ ᠨᠢ | ᠰᠠᠭᠤᠭᠠᠯᠢ ᠠᠷᠠᠳ ᠲᠦᠮᠡᠨ ᠤ ᠰᠣᠶᠣᠯ ᠢ ᠡᠳ᠋ᠯᠡᠭᠦᠯᠵᠦ ᠪᠠᠶᠠᠷ ᠪᠠᠶᠠᠰᠬᠤᠯᠠᠩᠲᠤ ᠰᠤᠷᠤᠯᠴᠠᠯᠭ᠎ᠠ ᠡᠷᠡᠭᠦᠯ ᠴᠢᠭᠢᠷᠠᠭ | ᠠᠮᠢᠳᠤᠷᠠᠯ ᠢᠶᠠᠷ ᠦᠢᠯᠡᠴᠢᠯᠡᠬᠦ ᠵᠣᠷᠢᠯᠲᠠ ᠪᠣᠯᠭᠠᠵᠠᠶ᠃ ᠨᠡᠶᠢᠲᠡ ᠶᠢᠨ ᠠᠰᠠᠷᠠᠮᠵᠢ ᠶᠢᠨ ᠤᠷᠠᠨ ᠵᠢᠷᠤᠭ ᠤᠨ | ᠠᠩᠭᠢ ᠶᠢᠨ ᠪᠠᠭᠰᠢ ᠤᠷᠠᠨ ᠵᠢᠷᠤᠭ ᠤᠨ ᠦᠵᠡᠭᠦᠯᠦᠯᠭᠡ ᠪᠠ ᠵᠢᠭᠠᠨ ᠰᠤᠷᠭᠠᠯᠲᠠ ᠶᠢᠨ ᠬᠡᠯᠪᠡᠷᠢ ᠪᠠᠷ ᠳᠠᠮᠵᠢᠨ ᠤᠷᠠᠨ | ᠵᠢᠷᠤᠭ ᠤᠨ ᠲᠦᠢᠮᠣᠴᠢᠯᠠᠯ᠂ ᠨᠠᠷᠢᠯᠢᠭ ᠵᠢᠷᠤᠭ ᠤᠨ ᠲᠡᠤᠬᠡᠨ ᠬᠥᠭᠵᠢᠯᠲᠡ ᠪᠠ ᠬᠡᠷᠡᠭᠯᠡᠭᠡᠨ ᠤ ᠴᠢᠨᠠᠷ᠂ ᠨᠠᠷᠢᠯᠢᠭ | ᠵᠢᠷᠤᠭ ᠤᠨ ᠦᠨᠳᠦᠰᠦᠨ ᠪᠣᠯᠪᠠᠰᠤᠷᠠᠯ ᠵᠡᠷᠭᠡ ᠶᠢ ᠨᠠᠷᠢᠨ ᠲᠠᠶᠢᠯᠪᠤᠷᠢᠯᠠᠨ᠂ ᠬᠢᠴᠢᠶᠡᠯ ᠤᠨ ᠲᠣᠪᠴᠢ ᠰᠠᠨᠠᠭ᠎ᠠ ᠰᠠᠶᠢᠲᠠᠶ | ᠂ ᠠᠭᠤᠵᠢᠭᠤ ᠲᠠᠯᠪᠢᠭᠤ ᠰᠣᠨᠢᠷᠬᠠᠯᠲᠠᠶ᠂ ᠰᠤᠷᠤᠭᠴᠢᠳ ᠤᠨ ᠤᠷᠮ᠎ᠠ ᠪᠠᠬ᠎ᠠ ᠭᠦᠨ᠂ ᠪᠠᠭᠰᠢ ᠶᠢᠨ ᠨᠠᠷᠢᠨ ᠨᠢᠮᠪᠠᠶ | ᠵᠢᠯᠣᠭᠤᠳᠣᠯᠭ᠎ᠠ ᠳᠣᠣᠷ᠎ᠠ᠂ ᠠᠭᠠᠵᠢᠮ ᠢᠶᠠᠷ ᠵᠢᠷᠤᠬᠤ ᠠᠷᠭ᠎ᠠ ᠶᠢ ᠰᠠᠶᠢᠨ ᠮᠡᠳᠡᠵᠦ᠂ ᠰᠤᠷᠤᠯᠴᠠᠬᠤ ᠤᠷᠮ᠎ᠠ ᠵᠣᠷᠢᠭ ᠨᠢ | ᠣᠷᠭᠢᠯᠵᠤ ᠪᠠᠶᠢᠪᠠ᠃ | ᠡᠨᠡ ᠤᠳᠠᠭᠠᠨ ᠤ ᠠᠩᠭᠢ ᠡᠬᠢᠯᠡᠭᠦᠯᠬᠦ ᠪᠠᠷ ᠳᠠᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠤᠷᠠᠯᠢᠭ ᠤᠨ | ᠰᠠᠶᠢᠨ ᠰᠠᠶᠢᠬᠠᠨ ᠠᠭᠤᠷ ᠠᠮᠢᠰᠬᠤᠯ ᠤᠨ ᠳᠤᠮᠳᠠ ᠰᠤᠷᠤᠯᠴᠠᠭᠤᠯᠵᠤ᠂ ᠲᠡᠳᠡ ᠵᠢᠷᠤᠭ ᠵᠢᠷᠤᠬᠤ ᠦᠨᠳᠦᠰᠦᠨ ᠤᠷ᠎ᠠ | ᠮᠡᠷᠭᠡᠵᠢᠯ ᠢ ᠰᠤᠷᠤᠭᠰᠠᠨ ᠢᠶᠠᠷ ᠪᠠᠷᠠᠬᠤ ᠦᠭᠡᠢ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠴᠤ ᠳᠡᠭᠡᠭᠰᠢᠯᠡᠬᠦᠯᠵᠦ | ᠰᠡᠳᠬᠢᠯ ᠰᠠᠨᠠᠭ᠎ᠠ ᠪᠠᠨ ᠪᠣᠯᠪᠠᠰᠤᠷᠠᠭᠤᠯᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶ |