ᠮᠥᠭᠦᠴᠢ ᠪᠠᠯᠭᠠᠰᠤ᠄ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠠᠯᠳᠠᠪᠤᠷᠢᠯᠠᠬᠤ ᠡᠬᠢ ᠰᠤᠷᠪᠤᠯᠵᠢ ᠶᠢ ᠪᠥᠬᠦ ᠲᠠᠯ᠎ᠠ ᠪᠠᠷ ᠬᠤᠷᠢᠭᠯᠠᠬᠤ ᠬᠡᠷᠡᠭᠲᠡᠶ
ᠨᠡᠶᠢᠲᠡᠯᠡᠭᠰᠡᠨ ᠴᠠᠭ᠄
2020/11/18
    ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 82 ᠳ᠋ᠤᠭᠠᠷ ᠲᠣᠭᠠᠲᠤ ᠵᠠᠷᠯᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠸᠢᠷᠦ᠋ᠰ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠠᠷᠭ᠎ᠠ ᠵᠠᠮ ᠢᠶᠠᠷ ᠳᠠᠮᠵᠢᠨ ᠲᠠᠷᠬᠠᠬᠤ ᠶᠢ ᠰᠡᠷᠭᠡᠶᠢᠯᠡᠵᠦ᠂ ᠪᠦᠬᠦ ᠪᠠᠯᠭᠠᠰᠤᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠮᠥᠬᠦᠴᠢ ᠪᠠᠯᠭᠠᠰᠤᠨ ᠤ ᠰᠢᠨ ᠭᠤᠸᠠᠨ ᠠᠭᠤᠰᠬᠢᠨ ᠦᠷᠪᠢᠰᠦᠯ ᠤᠨ ᠬᠢᠵᠢᠭ ᠰᠡᠷᠭᠡᠶᠢᠯᠡᠬᠦ ᠵᠢᠯᠣᠭᠤᠳᠬᠤ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ ᠬᠠᠮᠲᠤᠷᠠᠭᠰᠠᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠠᠶ᠃ 11 ᠰᠠᠷ᠎ᠠ ᠶᠢᠨ 14 ᠤ ᠡᠳᠦᠷ ᠠᠴᠠ ᠡᠬᠢᠯᠡᠨ ᠪᠦᠬᠦ ᠪᠠᠯᠭᠠᠰᠤᠨ ᠤ ᠬᠡᠪᠴᠢᠶᠡᠨ ᠳᠤ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠪᠠᠶᠢᠴᠠᠭᠠᠬᠤ ᠠᠵᠢᠯ ᠢ ᠬᠠᠮᠲᠤᠷᠠᠨ ᠥᠷᠨᠢᠭᠦᠯᠵᠦ᠂ ᠬᠤᠳᠠᠯᠳᠤᠭᠠᠨ ᠤ ᠡᠷᠦᠬᠡ ᠳᠤ ᠬᠦᠢᠲᠡᠨ ᠬᠡᠯᠬᠢᠶᠡᠲᠦ ᠪᠠᠷᠠᠭ᠎ᠠ ᠶᠢᠨ ᠬᠦᠢᠯᠬᠡᠬᠡᠨ ᠳᠤ ᠪᠠᠷᠠᠭ᠎ᠠ ᠣᠷᠣᠭᠤᠯᠬᠤ ᠳᠤ ᠠᠩᠬᠠᠷᠬᠤ ᠵᠦᠢᠯᠡᠰ ᠢ ᠤᠬᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠠᠭᠠᠷᠯᠠᠬᠤ ᠬᠡᠷᠡᠮ ᠢ ᠪᠥᠬᠦ ᠲᠠᠯ᠎ᠠ ᠪᠠᠷ ᠪᠠᠶᠢᠭᠤᠯᠪᠠ᠃     ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠢᠳᠡᠭᠡᠨ ᠪᠣᠯᠪᠠᠰᠤᠷᠠᠭᠤᠯᠬᠤ ᠵᠢᠴᠢ ᠵᠢᠵᠢᠭᠯᠡᠨ ᠬᠤᠳᠠᠯᠳᠤᠬᠤ ᠪᠠ ᠪᠥᠭᠡᠮ ᠢᠶᠠᠷ ᠬᠤᠳᠠᠯᠳᠤᠬᠤ ᠠᠵᠢᠯ ᠲᠥᠷᠥᠯ ᠢᠶᠠᠷ ᠭᠤᠣᠯ ᠵᠢᠭᠰᠠᠭᠠᠨ ᠪᠠᠶᠢᠴᠠᠭᠠᠬᠤ ᠬᠦᠷᠢᠶ᠎ᠡ ᠪᠣᠯᠭᠠᠵᠤ᠂ ᠪᠦᠬᠦ ᠪᠠᠯᠭᠠᠰᠤᠨ ᠤ ᠲᠣᠮᠣ ᠬᠡᠯᠪᠡᠷᠢ ᠶᠢᠨ ᠢᠳᠡᠭᠡᠨ ᠢ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠷᠠᠭ᠎ᠠ ᠶᠢᠨ ᠢᠷᠡᠯᠲᠡ ᠶᠢ ᠪᠠᠶᠢᠴᠠᠭᠠᠵᠤ᠂ ᠨᠠᠷᠢᠨ ᠬᠠᠭᠤᠳᠠᠰᠤ ᠵᠢᠭᠰᠠᠭᠠᠨ ᠂ ᠭᠤᠤᠯᠳᠠᠯᠭ᠎ᠠ ᠶᠢ ᠶᠠᠷᠢᠵᠤ᠂ ᠳᠦᠷᠢᠮ ᠢ ᠪᠠᠶᠢᠭᠤᠯᠬᠤ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠦᠢᠯᠡᠳᠪᠦᠷᠢᠯᠡᠵᠦ ᠡᠵᠡᠩᠨᠡᠭᠴᠢ ᠶᠢ ᠭᠠᠳᠠᠭᠠᠳᠤ ᠠᠴᠠ ᠬᠤᠳᠠᠯᠳᠤᠨ ᠠᠪᠴᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠣᠷᠣᠭᠤᠯᠬᠤ ᠦᠶᠡᠰ᠂ ᠡᠷᠬᠡᠪᠰᠢ ᠲᠣᠰ ᠪᠦᠯᠦᠭ ᠤᠳᠠᠭ᠎ᠠ ᠶᠢᠨ ᠬᠦᠢᠲᠡᠨ ᠬᠡᠯᠬᠢᠶᠡᠲᠦ ᠢᠳᠡᠭᠡᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠪᠣᠭᠤᠮᠲᠠ ᠶᠢᠨ ᠬᠢᠵᠦ ᠥᠭᠭᠦᠭᠰᠡᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠭᠰᠠᠨ ᠭᠡᠷᠡᠴᠢ ᠪᠠ ᠠᠷᠢᠭᠤᠳᠬᠠᠭᠰᠠᠨ ᠭᠡᠷᠡᠴᠢ ᠪᠠᠶᠢᠬᠤ ᠬᠡᠷᠡᠭᠲᠡᠶ᠃ ᠢᠩᠭᠢᠬᠦ ᠦᠭᠡᠢ ᠪᠣᠯ ᠪᠦᠷ ᠬᠤᠳᠠᠯᠳᠤᠵᠤ ᠪᠣᠯᠬᠤ ᠦᠭᠡᠢ᠃     ᠡᠨᠡ ᠤᠳᠠᠭᠠᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠪᠠ ᠤᠬᠠᠭᠤᠯᠬᠤ ᠪᠠᠷ ᠳᠠᠮᠵᠢᠨ᠂ ᠬᠤᠳᠠᠯᠳᠤᠭᠠᠴᠢᠨ ᠡᠷᠦᠬᠡ ᠬᠢᠵᠢᠭ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ ᠲᠠᠸᠠᠷ ᠢ ᠪᠥᠭᠡᠮ ᠢᠶᠠᠷ ᠬᠤᠳᠠᠯᠳᠤᠨ ᠠᠪᠴᠤ᠂ ᠬᠦᠢᠲᠡᠨ ᠬᠡᠯᠬᠢᠶᠡᠲᠦ ᠡᠳ᠋ ᠪᠠᠷᠠᠭ᠎ᠠ ᠶᠢᠨ ᠭᠦᠢᠯᠭᠡᠭᠡ ᠪᠠᠷ ᠳᠠᠮᠵᠢᠭᠤᠯᠤᠨ ᠲᠡᠭᠡᠭᠡᠪᠦᠷᠢᠯᠡᠨ ᠬᠦᠷᠭᠡᠬᠦ ᠪᠠᠷᠠᠭ᠎ᠠ ᠡᠯ᠎ᠡ ᠵᠦᠢᠯ ᠤᠨ ᠪᠠᠶᠢᠴᠠᠭᠠᠨ ᠰᠢᠯᠭᠠᠬᠤ ᠭᠠᠷ ᠭᠦᠢᠴᠡᠳᠬᠡᠯ ᠪᠦᠷᠢᠨ ᠭᠦᠢᠴᠡᠳ ᠪᠠᠶᠢᠬᠤ ᠶᠢ ᠪᠠᠲᠤᠯᠠᠵᠤ᠂ ᠪᠠᠷᠠᠭ᠎ᠠ ᠣᠷᠣᠭᠤᠯᠬᠤ ᠨᠠᠷᠢᠨ ᠪᠠᠶᠢᠳᠠᠯ ᠢ ᠴᠠᠭ ᠲᠤᠬᠠᠶ ᠳᠤᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠮᠡᠳᠡᠭᠦᠯᠦᠨ ᠳᠠᠩᠰᠠᠯᠠᠭᠤᠯᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号